ᠪᠦᠷᠢᠨᠵᠢᠨ ᠴᠠᠭᠠᠨ ᠰᠠᠷ᠎ᠠ ᠠᠴᠠ ᠡᠮᠤᠨᠡᠭᠢ ᠪᠤᠯᠭᠤᠭᠠᠨ ᠲᠤᠬᠤᠨᠢᠭᠤᠯᠬᠤ ᠠᠵᠢᠯᠯᠠᠭ᠎ᠠ ᠦᠷᠨᠢᠬᠦᠯᠦᠭᠰᠠᠨ
ᠨᠡᠶᠢᠲᠡᠯᠡᠭᠰᠡᠨ ᠴᠠᠭ᠄
2024/2/6
     ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂  ᠰᠢᠯᠢ ᠶᠢᠨ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠪᠦᠷᠢᠨᠵᠢᠨ ᠶᠠᠳᠠᠭᠤ ᠬᠦᠴᠢᠷᠳᠡᠯᠲᠡᠢ ᠠᠬᠠᠮᠠᠳ ᠨᠠᠮ ᠤᠨ ᠭᠡᠰᠢᠭᠦᠨ᠂ ᠣᠨᠴᠠ ᠬᠦᠴᠢᠷᠳᠡᠯᠲᠡᠢ ᠠᠵᠢᠯᠲᠠᠨ ᠠᠵᠢᠯᠴᠢᠨ᠂ ᠶᠠᠳᠠᠭᠤ ᠬᠦᠴᠢᠷᠳᠡᠯᠲᠡᠢ ᠬᠥᠮᠥᠰ ᠪᠣᠯᠣᠨ ᠵᠡᠪᠰᠡᠭᠲᠦ ᠴᠠᠭᠳᠠᠭ᠎ᠠ ᠶᠢᠨ ᠰᠢᠯᠢ ᠶᠢᠨ ᠭᠤᠣᠯ ᠤᠨ ᠰᠠᠯᠪᠤᠷᠢ ᠠᠩᠭᠢ ᠶᠢ ᠪᠤᠯᠭᠤᠭᠠᠨ ᠲᠣᠬᠤᠨᠢᠭᠤᠯᠵᠤ᠂ ᠳᠡᠳᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢᠯᠠᠯ ᠢ ᠬᠦᠷᠭᠡᠬᠦ ᠶᠢᠨ ᠬᠠᠮᠲᠤ ᠴᠠᠭᠠᠨ ᠰᠠᠷ᠎ᠠ ᠶᠢᠨ ᠵᠥᠩᠨᠡᠯ  ᠲᠠᠪᠰᠢᠬᠦᠯᠦᠭᠰᠠᠨ ᠪᠠᠶᠢᠨ᠎ᠠ᠃       ᠮᠡᠳᠡᠭᠡ ᠦᠵᠡᠭᠡᠷᠡᠢ᠃      ᠶᠠᠳᠠᠭᠤ ᠬᠦᠴᠢᠷᠳᠡᠯᠲᠡᠢ ᠠᠬᠠᠮᠠᠳ ᠨᠠᠮ ᠤᠨ ᠭᠡᠰᠢᠭᠦᠨ ᠪᠣᠯᠣᠨ ᠣᠨᠴᠠ ᠬᠦᠴᠢᠷᠳᠡᠯᠲᠡᠢ ᠠᠵᠢᠯᠲᠠᠨ ᠠᠵᠢᠯᠴᠢᠨ ᠤ ᠭᠡᠷ ᠲᠤ᠂  ᠪᠦᠷᠢᠨᠵᠢᠨ ᠲᠡᠳᠡᠨ ᠲᠠᠢ ᠲᠤᠳᠤᠨᠤᠰᠤᠭ ᠢᠶᠠᠷ ᠶᠠᠷᠢᠯᠴᠠᠵᠤ᠂ ᠲᠡᠳᠡᠨ ᠤ ᠪᠡᠶ᠎ᠡ ᠮᠠᠬᠠᠪᠤᠳ  ᠤᠨ ᠪᠠᠶᠢᠳᠠᠯ᠂ ᠠᠮᠢᠳᠤᠷᠠᠯ ᠤᠨ ᠪᠠᠶᠢᠳᠠᠯ ᠵᠢᠴᠢ ᠠᠮᠢᠳᠤᠷᠠᠯ  ᠳᠤᠮᠳᠠ  ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠢ ᠬᠠᠯᠠᠮᠵᠢᠯᠠᠨ ᠠᠰᠠᠭᠤᠬᠤ ᠶᠢᠨ ᠬᠠᠮᠳᠤ᠂ ᠲᠡᠳᠡᠨ ᠢ  ᠢᠮᠠᠬᠳᠠ ᠪᠠᠶᠠᠰᠤᠩᠭᠤᠢ ᠰᠡᠳᠬᠢᠯᠭᠡ ᠲᠠᠢ ᠪᠠᠶᠢᠵᠤ᠂ ᠬᠦᠴᠢᠷ ᠪᠡᠷᠬᠡᠰᠢᠶᠡᠯ ᠢ  ᠢᠯᠠᠨ ᠳᠠᠪᠠᠭ᠋ᠤ ᠢᠳᠡᠭᠡᠯ ᠵᠤᠷᠢᠭ ᠲᠠᠢ ᠪᠠᠶᠢᠬᠤ ᠶᠢ ᠵᠤᠷᠢᠭᠵᠢᠭᠤᠯᠵᠠᠢ᠃ ᠪᠠᠰᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠢᠮᠠᠭᠲᠠ ᠤᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠶᠢ ᠪᠣᠳᠣᠯᠬᠢᠯᠠᠵᠤ᠂  ᠠᠪᠤᠷᠠᠨ ᠲᠤᠰᠠᠯᠠᠬᠤ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠤᠯᠠᠨ ᠲᠦᠮᠠᠨ ᠳᠤ ᠨᠠᠮ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠬᠦ ᠬᠡᠷᠡᠭᠲᠡᠢ ᠭᠡᠵᠦ  ᠵᠠᠬᠢᠭᠰᠠᠨ ᠪᠠᠶᠢᠨ᠎ᠠ᠃      ᠵᠡᠪᠰᠡᠭᠲᠦ ᠴᠠᠭᠳᠠᠭ᠎ᠠ ᠶᠢᠨ ᠰᠢᠯᠢ ᠶᠢᠨ ᠭᠤᠣᠯ ᠤᠨ ᠰᠠᠯᠪᠤᠷᠢ ᠠᠩᠭᠢ ᠳᠤ᠂  ᠪᠦᠷᠢᠨᠵᠢᠨ ᠵᠡᠪᠰᠡᠭᠲᠦ ᠴᠠᠭᠳᠠᠭ᠎ᠠ ᠶᠢᠨ ᠪᠦᠬᠦ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠵᠥᠩᠨᠡᠯ  ᠲᠠᠪᠰᠢᠬᠦᠯᠵᠠᠢ᠃ ᠲᠡᠷᠡ ᠢᠯᠡᠷᠭᠡᠶᠢᠯᠡᠭᠰᠠᠨ ᠨᠢ᠂ ᠤᠷᠳᠤ ᠬᠤᠭᠤᠴᠠᠭᠠᠨ ᠤ ᠲᠤᠷᠰᠢ᠂ ᠥᠷᠭᠡᠨ ᠤᠯᠠᠨ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠣᠷᠣᠨ ᠨᠤᠲᠤᠭ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠢᠳᠡᠪᠬᠢᠲᠡᠢ ᠳᠡᠮᠵᠢᠵᠦ᠂ ᠪᠠᠴᠢᠮ ᠪᠡᠷᠬᠡ ᠠᠶᠤᠯᠲᠠᠢ ᠬᠦᠨᠳᠦ ᠡᠭᠦᠷᠭᠡ ᠶᠢᠨ ᠳᠤᠮᠳᠠ ᠭᠠᠪᠰᠢᠭᠠᠶᠢᠯᠠᠨ ᠲᠡᠮᠡᠴᠡᠵᠦ᠂ ᠡᠮᠦᠨ᠎ᠡ ᠭᠠᠪᠰᠢᠭᠠᠶᠢᠯᠠᠵᠤ᠂ ᠰᠢᠯᠢ ᠶᠢᠨ ᠬᠤᠳᠠ ᠶᠢᠨ ᠤᠷᠳᠤ ᠤᠳᠠᠭᠠᠨ ᠤ ᠠᠮᠤᠷ ᠲᠦᠪᠰᠢᠨ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ᠃ ᠰᠢᠨ᠎ᠡ ᠨᠢᠭᠡ ᠵᠢᠯ ᠳᠤ᠂ ᠤᠯᠠᠨ ᠢᠶᠠᠷ ᠢᠶᠠᠨ ᠶᠡᠷᠤᠩᠭᠡᠢ ᠱᠦᠵᠢ ᠰᠢ ᠶᠢᠨ ᠫᠢᠩ  ᠤᠨ ᠴᠡᠷᠢᠭ  ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠦᠷᠭᠦᠯᠵᠢᠯᠡᠨ ᠪᠠᠶᠢᠯᠳᠤᠬᠤ ᠰᠢᠯᠢᠳᠡᠭ ᠰᠤᠷᠲᠠᠯ ᠢᠶᠠᠨ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ ᠂ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠬᠡ ᠤᠯᠤᠰ ᠤᠨ ᠤᠮᠠᠷᠠᠲᠤ ᠤᠷᠤᠨ ᠤ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠃  ᠰᠢᠯᠢ ᠶᠢᠨ ᠬᠤᠳᠠ ᠶᠢᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ ᠠᠩᠭᠢ ᠶᠢᠨ ᠪᠠᠶᠢᠭᠤᠯᠤᠯᠲᠠ ᠪᠠ ᠬᠥᠭᠵᠢᠯᠲᠡ ᠶᠢ ᠳᠡᠮᠵᠢᠵᠦ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠥᠷᠭᠡᠨ ᠣᠯᠠᠨ ᠳᠠᠷᠤᠭ᠎ᠠ ᠪᠠᠶᠢᠯᠳᠤᠭᠴᠢᠳ ᠲᠤ ᠰᠠᠶᠢᠨ ᠰᠠᠶᠢᠬᠠᠨ ᠠᠵᠢᠯ ᠠᠮᠢᠳᠤᠷᠠᠯ ᠤᠨ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠵᠤ ᠥᠭᠭᠦᠨ᠎ᠡ ᠭᠡᠵᠡᠢ᠃      ᠰᠢᠯᠢ ᠶᠢᠨ ᠬᠤᠳᠠ ᠶᠢᠨ ᠤᠳᠤᠷᠢᠳᠤᠯᠭ᠎ᠠ ᠪᠦᠷᠢᠨᠰᠡᠴᠠᠨ᠂ ᠳ᠋ᠢᠩ ᠬᠤᠩ ᠬᠠᠮᠲᠤ ᠪᠠᠷ ᠲᠣᠬᠤᠨᠢᠭᠤᠯᠬᠤ ᠳᠤ ᠣᠷᠣᠯᠴᠠᠵᠠᠢ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号