ᠰᠢᠯᠢ ᠶᠢᠨ ᠬᠤᠲᠠ ᠠᠷᠪᠠᠨ ᠭᠤᠷᠪᠠᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ 94  ᠳ᠋ᠣᠭᠡᠷ ᠣᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2024/2/8
     2 ᠳ᠋ᠣᠭᠠᠷ ᠰᠠᠷ᠎ᠠ ᠶᠢᠨ 8᠎ ᠤ ᠡᠳᠦᠷ᠂ ᠠᠶᠢᠮᠠᠭ ᠤᠨ ᠳᠡᠳ᠋ ᠳᠠᠷᠤᠭ᠎ᠠ᠂  ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠨ ᠵᠧᠨ ᠵᠢᠶᠠᠩ ᠠᠷᠪᠠᠨ ᠭᠤᠷᠪᠠᠳᠤᠭᠠᠷ ᠬᠤᠭᠤᠴᠠᠭᠠᠨ ᠤ ᠬᠤᠲᠠ ᠶᠢᠨ ᠨᠠᠮ ᠤᠨ  ᠬᠤᠷᠢᠶᠠᠨ ᠤ 94 ᠳ᠋ᠣᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠶᠠᠳᠤᠭᠠᠷ ᠬᠤᠷᠠᠯ ᠪᠣᠯᠣᠨ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠣᠷᠣᠨ ᠤ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠵᠢᠴᠢ ᠠᠶᠢᠮᠠᠭ ᠤᠨ ᠲᠠᠪᠤᠨ ᠶᠡᠭᠡ ᠡᠭᠦᠷᠭᠡ ᠶᠢ ᠪᠡᠶᠡᠯᠡᠭᠦᠯᠦᠭᠰᠡᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾᠎ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠡᠭᠦᠷᠭᠡ ᠪᠣᠯᠭᠠᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠪᠥᠬᠦ ᠠᠶᠢᠮᠠᠭ ᠪᠣᠯᠣᠨ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠦᠳᠲᠡᠷ ᠲᠦᠷᠭᠡᠨ ᠵᠣᠬᠢᠶᠠᠨ ᠪᠠᠶᠢᠭᠤᠯᠤᠨ ᠲᠣᠬᠢᠷᠠᠭᠤᠯᠵᠤ᠂ ᠤᠯᠠᠮᠵᠢᠯᠠᠨ ᠰᠤᠷᠤᠯᠴᠠᠬᠤ ᠶᠢ ᠰᠠᠶᠢᠲᠤᠷ ᠠᠳᠬᠤᠵᠤ᠂ ᠬᠤᠷᠠᠯ ᠤᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠬᠦᠬᠦ ᠬᠡᠷᠡᠭᠲᠠᠢ ᠬᠡᠵᠦ ᠴᠢᠬᠤᠯᠠᠴᠢᠯᠠᠵᠠᠢ᠃      ᠬᠤᠷᠠᠯ ᠠᠴᠠ᠂ ᠪᠦᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠳᠠ ᠣᠷᠣᠨ ᠤ ᠠᠵᠤ ᠠᠬᠤᠢ ᠶᠢᠨ ᠪᠠᠶᠢᠳᠠᠯ ᠢ ᠵᠠᠳᠠᠯᠬᠤ ᠬᠤᠷᠠᠯ ᠵᠢᠴᠢ ᠠᠶᠢᠮᠠᠭ ᠤᠨ ᠲᠠᠪᠤᠨ ᠶᠡᠭᠡ ᠡᠭᠦᠷᠭᠡ ᠶᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠯᠢ ᠶᠢᠨ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠦᠴᠦᠯᠡᠬᠦ ᠴᠡᠭ ᠣᠷᠣᠯᠴᠠᠬᠤ ᠴᠡᠭ ᠢ ᠣᠨᠣᠪᠴᠢᠲᠠᠶ ᠣᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠎ ᠢ ᠴᠢᠨᠠᠷ ᠰᠠᠶᠢᠲᠠᠢ ᠠᠬᠢᠭᠤᠯᠵᠤ᠂ ᠠᠵᠤ ᠠᠬᠤᠢ ᠶᠢᠨ  ᠡᠷᠬᠢᠯᠲᠡ ᠪᠣᠯᠣᠨ ᠭᠤᠣᠯᠳᠠᠯᠭ᠎ᠠ ᠲᠠᠢ ᠲᠦᠷᠦᠯ ᠵᠦᠢᠯ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠬᠤᠯᠠᠨ ᠰᠢᠷᠭ᠎ᠠ ᠳᠠᠭ᠎ᠠ ᠎ ᠶᠢᠨ ᠡᠯᠡᠰᠦᠷᠬᠡᠭ ᠭᠠᠵᠠᠷ ᠢ  ᠵᠠᠰᠠᠨ ᠰᠡᠷᠭᠦᠭᠡᠬᠦ ᠳᠠᠶᠢᠯᠠᠯᠳᠤᠭᠠᠨ ᠢ ᠰᠠᠶᠢᠲᠤᠷ ᠬᠢᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢ ᠪᠦᠬᠦ ᠬᠦᠴᠦᠨ ᠢᠶᠠᠷ ᠢᠶᠠᠨ ᠥᠷᠭᠡᠳᠬᠡᠵᠦ᠂ ᠬᠡᠷᠡᠭᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠵᠤ᠂ ᠲᠣᠭᠤᠷᠢᠨ ᠪᠠᠶᠢᠴᠠᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠢ ᠠᠳᠬᠤᠵᠤ᠂ ᠡᠯ᠎ᠡ ᠲᠦᠷᠦᠯ ᠤᠨ ᠠᠵᠢᠯ ᠤᠨ ᠲᠡᠷᠢᠭᠦᠨ ᠢ ᠡᠭᠦᠳᠴᠦ ᠣᠷᠣᠭᠰᠢ ᠳᠠᠪᠰᠢᠬᠤ ᠶᠢ ᠠᠬᠢᠭᠤᠯᠬᠤ ᠬᠡᠷᠡᠭᠲᠠᠢ᠃ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠠᠶᠠᠷ ᠵᠢᠷᠭᠠᠯ ᠲᠠᠢ ᠥᠯᠵᠡᠢ ᠪᠡᠯᠭᠡ ᠲᠠᠢ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠣᠯᠠᠬᠤ ᠬᠡᠷᠡᠭᠲᠠᠢ ᠬᠡᠵᠦ ᠴᠢᠬᠤᠯᠠᠴᠢᠯᠠᠵᠠᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠦᠪᠯᠡᠵᠠᠢ᠃      ᠵᠧᠦ ᠵᠢᠶᠠ ᠸᠧᠢ᠂ ᠯᠢᠶᠠᠩ ᠴᠢᠤᠸᠠᠨ ᠰᠣᠷᠪᠣᠯᠵᠢᠯᠠᠵᠣ᠂ ᠲᠣᠭᠤᠷ ᠣᠷᠴᠢᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号