2024 ᠣᠨ ᠳᠤ ᠥᠪᠥᠷ ᠮᠣᠩᠭᠤᠯ 1500 ᠲᠦᠮᠡᠨ ᠮᠦ ᠠᠴᠠ ᠳᠡᠭᠡᠭᠰᠢ ᠡᠯᠡᠰᠦᠷᠡᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠᠷ ᠲᠥᠯᠥᠪᠯᠡᠵᠦ ᠪᠣᠶ
ᠨᠡᠶᠢᠲᠡᠯᠡᠭᠰᠡᠨ ᠴᠠᠭ᠄
2024/2/8
2024 ᠣᠨ ᠳᠤ ᠥᠪᠥᠷ ᠮᠣᠩᠭᠤᠯ 1500 ᠲᠦᠮᠡᠨ ᠮᠦ ᠠᠴᠠ ᠳᠡᠭᠡᠭᠰᠢ ᠡᠯᠡᠰᠦᠷᠡᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠᠷ ᠲᠥᠯᠥᠪᠯᠡᠵᠦ ᠪᠣᠶ    ᠨᠡᠶᠢᠲᠡᠯᠡᠭᠰᠡᠨ ᠴᠠᠭ᠄ 2024/2/5    2 ᠳ᠋ᠤᠭᠠᠷ ᠰᠠᠷ᠎ᠠ ᠶᠢᠨ 4᠎ ᠤ ᠡᠳᠦᠷ ᠬᠤᠷᠠᠯᠳᠤᠭᠤᠯᠤᠭᠰᠠᠨ ᠪᠥᠬᠦ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠸᠢᠳᠢᠣ᠋ ᠬᠤᠷᠠᠯ ᠠᠴᠠ ᠣᠶᠢᠯᠠᠭᠠᠭᠰᠠᠨ ᠢᠶᠠᠷ᠂ 2024 ᠣᠨ ᠳᠤ ᠮᠠᠨ ᠤ ᠣᠷᠣᠨ 300 ᠲᠦᠮᠡᠨ ᠮᠦ ᠠᠴᠠ ᠳᠡᠭᠡᠭᠰᠢ ᠣᠶᠢᠵᠢᠭᠤᠯᠵᠤ᠂ 1300 ᠲᠦᠮᠡᠨ ᠮᠦ ᠠᠴᠠ ᠳᠡᠭᠡᠭᠰᠢ ᠡᠪᠡᠰᠦ ᠳᠠᠷᠢᠵᠤ᠂ 1500 ᠲᠦᠮᠡᠨ ᠮᠦ ᠠᠴᠠ ᠳᠡᠭᠡᠭᠰᠢ ᠡᠯᠡᠰᠦᠷᠡᠬᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠᠷ ᠲᠥᠯᠥᠪᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠪᠠᠷ ᠴᠢᠷᠮᠠᠶᠢᠵᠤ ᠪᠤᠢ᠃    ᠤᠮᠠᠷᠠᠲᠤ ᠶᠢᠨ ᠭᠤᠷᠪᠠᠨ ᠣᠷᠣᠨ ᠤ 13 ᠮᠤᠵᠢ ᠣᠷᠣᠨ ᠤ ᠳᠣᠲᠣᠷᠠᠬᠢ ᠡᠭᠦᠷᠭᠡ ᠬᠠᠮᠤᠭ ᠤᠨ ᠬᠦᠨᠳᠦ᠂ ᠬᠠᠷᠢᠭᠤᠴᠠᠯᠭ᠎ᠠ ᠬᠠᠮᠤᠭ ᠤᠨ ᠶᠡᠭᠡ ᠮᠤᠵᠢ ᠣᠷᠣᠨ ᠪᠣᠯᠤᠭᠰᠠᠨ ᠤ ᠬᠤᠪᠢ ᠳᠤ᠂ 2024 ᠣᠨ ᠳᠤ ᠥᠪᠥᠷ ᠮᠣᠩᠭᠤᠯ ᠤᠮᠠᠷᠠᠲᠤ ᠶᠢᠨ ᠭᠤᠷᠪᠠᠨ ᠣᠷᠣᠨ ᠤ ᠢᠨᠵᠧᠨᠧᠷᠢᠩ ᠤᠨ ᠰᠢᠪᠲᠤᠯᠤᠯᠲᠠ ᠶᠢ ᠦᠷᠭᠦᠯᠵᠢᠯᠡᠨ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯᠡᠰᠦᠷᠡᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠢᠨ᠎ᠡ ᠡᠨᠧᠷᠭᠢ ᠪᠠᠷ 90 ᠲᠦᠮᠡᠨ ᠮᠦ ᠠᠴᠠ ᠳᠡᠭᠡᠭᠰᠢ ᠡᠯᠡᠰᠦ ᠶᠢ ᠵᠠᠰᠠᠬᠤ ᠶᠢ ᠴᠢᠨᠠᠷ ᠰᠠᠶᠢᠲᠠᠢ ᠪᠡᠶᠡᠯᠡᠭᠦᠯᠬᠦ ᠪᠠᠷ ᠴᠢᠷᠮᠠᠶᠢᠨ᠎ᠠ᠃ ᠣᠶ ᠰᠢᠭᠤᠢ ᠨᠤᠲᠤᠭ ᠪᠡᠯᠴᠢᠭᠡᠷ ᠤᠨ ᠪᠠᠶᠢᠭᠤᠯᠤᠯᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠣᠶ ᠰᠢᠭᠤᠢ ᠶᠢᠨ ᠶᠠᠰᠤ ᠴᠢᠨᠠᠷ ᠢ ᠨᠠᠷᠢᠯᠢᠭ ᠣᠨᠣᠴᠠᠲᠠᠢ ᠪᠠᠷ ᠳᠡᠭᠡᠭᠰᠢᠯᠡᠭᠦᠯᠬᠦ ᠢᠨᠵᠧᠨᠧᠷᠢᠩ᠂ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠬᠡᠷᠡᠭᠵᠢᠭᠦᠯᠦᠨ᠂ ᠬᠡᠪᠴᠢᠶᠡᠵᠢᠭᠦᠯᠦᠭᠰᠡᠨ ᠣᠶ ᠰᠢᠭᠤᠢ ᠶᠢᠨ ᠲᠠᠯᠠᠪᠠᠶ ᠶᠢᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠵᠢᠯ ᠳᠤ 88.92 ᠲᠦᠮᠡᠨ ᠮᠦ ᠣᠶ ᠰᠢᠭᠤᠢ ᠶᠢ ᠠᠷᠠᠴᠢᠯᠠᠨ ᠪᠤᠶᠢᠵᠢᠭᠤᠯᠬᠤ᠂ 573 ᠲᠦᠮᠡᠨ ᠮᠦ ᠮᠠᠭᠤᠳᠠᠭᠰᠠᠨ ᠨᠤᠲᠤᠭ ᠪᠡᠯᠴᠢᠭᠡᠷ ᠢ ᠵᠠᠰᠠᠨ ᠰᠡᠷᠭᠦᠭᠡᠬᠦ ᠂ 12 ᠲᠦᠮᠡᠨ ᠮᠦ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠪᠡᠶᠡᠯᠡᠭᠦᠯᠵᠦ᠂ 255.5 ᠲᠦᠮᠡᠨ ᠮᠦ ᠬᠡᠪᠴᠢᠶᠡᠵᠢᠭᠦᠯᠦᠭᠰᠡᠨ ᠣᠶ ᠰᠢᠭᠤᠢ ᠶᠢᠨ ᠲᠠᠯᠠᠪᠠᠶ ᠶᠢᠨ ᠠᠮᠢ ᠠᠬᠤᠢ ᠶᠢᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃    ᠡᠭᠦᠨ ᠤ ᠬᠠᠮᠲᠤ ᠪᠠᠰᠠ ᠲᠦᠯᠦᠪᠯᠡᠭᠡ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠣᠷᠣᠭᠤᠯᠤᠯᠲᠠ ᠪᠠᠷ ᠭᠤᠣᠯ ᠪᠣᠯᠭᠠᠨ᠂ ᠣᠷᠣᠨ ᠨᠤᠲᠤᠭ ᠤᠨ ᠢᠵᠢ ᠪᠦᠷᠢᠳᠦᠭᠦᠯᠬᠦ ᠪᠠᠷ ᠬᠠᠪᠰᠤᠷᠤᠮᠵᠢ ᠪᠣᠯᠭᠠᠵᠤ᠂ ᠠᠵᠤ ᠠᠬᠤᠶᠢᠯᠠᠯ ᠤᠳ ᠥᠷᠭᠡᠨ ᠢᠶᠠᠷ ᠣᠷᠣᠯᠴᠠᠭᠰᠠᠨ ︽1+N︾ ᠣᠯᠠᠨ ᠡᠰᠢᠲᠦ ᠣᠷᠣᠭᠤᠯᠤᠯᠲᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ᠵᠡᠷᠭᠡ ᠠᠷᠭ᠎ᠠ ᠮᠠᠶ᠋ᠢᠭ ᠢ ᠰᠦᠪᠡᠭᠴᠢᠯᠡᠨ ᠳᠡᠯᠭᠡᠷᠡᠭᠦᠯᠵᠦ᠂ ᠨᠠᠩ ᠣᠯᠠᠨ ᠮᠠᠯᠴᠢᠳ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠡᠯᠡᠰᠦᠷᠡᠬᠦ ᠶᠢ ᠰᠡᠷᠭᠡᠶᠢᠯᠡᠨ ᠡᠯᠡᠰᠦ ᠶᠢ ᠵᠠᠰᠠᠬᠤ ᠳᠤ ᠰᠢᠭᠤᠳ ᠣᠷᠣᠯᠴᠠᠭᠤᠯᠵᠤ᠂ ᠡᠷᠬᠢᠨ ᠲᠣᠭᠤᠷᠢᠨ ᠤ ᠮᠤᠵᠢ ᠣᠷᠣᠨ ᠯᠤᠭ᠎ᠠ ᠲᠣᠭᠲᠠᠭᠰᠠᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠬᠠᠮᠲᠤᠷᠠᠯᠴᠠᠭᠠᠨ ᠤ ᠵᠥᠪᠯᠡᠯᠴᠡᠭᠡᠷ ᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠬᠠᠮᠵᠢᠯᠴᠠᠨ ᠡᠯᠡᠰᠦ ᠶᠢ ᠵᠠᠰᠠᠬᠤ᠂ ᠡᠯᠡᠰᠦ ᠶᠢ ᠬᠠᠮᠢᠶᠠᠷᠬᠤ᠂ ᠡᠯᠡᠰᠦ ᠶᠢ ᠬᠡᠷᠡᠭᠯᠡᠬᠦ ᠠᠵᠢᠯ ᠤᠨ ᠵᠠᠭᠪᠤᠷ ᠢ ᠪᠠᠶᠢᠭᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠲᠤᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号