ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ︽ | ᠥᠪᠥᠷ ᠮᠣᠩᠭᠤᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ︵ᠳᠣᠷᠣᠭᠰᠢ ︽ᠬᠡᠷᠡᠭᠵᠢᠭᠦᠯᠬᠦ | ᠲᠥᠰᠥᠯ︾ ᠭᠡᠵᠦ ᠲᠣᠪᠴᠢᠯᠠᠪᠠ︶ ᠢ ᠳᠠᠷᠤᠮᠠᠯᠯᠠᠨ ᠲᠠᠷᠬᠠᠭᠠᠵᠤ᠂ ᠲᠥᠷᠥ ᠶᠢᠨ ᠪᠣᠳᠣᠯᠭ᠎ᠠ᠂ ᠲᠥᠰᠥᠯ᠂ ᠣᠶᠤᠨ ᠤ | ᠲᠠᠯ᠎ᠠ ᠪᠠᠷ ᠥᠪᠥᠷ ᠮᠣᠩᠭᠤᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ ᠳᠡᠮᠵᠢᠪᠡ᠃ | ︽ᠬᠡᠷᠡᠭᠵᠢᠭᠦᠯᠬᠦ ᠲᠥᠰᠥᠯ︾ ᠪᠣᠯ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠤ ᠥᠪᠥᠷ ᠮᠣᠩᠭᠤᠯ ᠤᠨ ᠪᠣᠳᠠᠲᠤ ᠪᠠᠶᠢᠳᠠᠯ ᠪᠠ ᠬᠥᠭᠵᠢᠯᠲᠡ ᠶᠢᠨ ᠬᠡᠷᠡᠭᠴᠡᠭᠡ ᠲᠠᠢ | ᠨᠢᠭᠲᠠ ᠤᠶᠠᠯᠳᠤᠭᠤᠯᠤᠨ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠥᠪᠥᠷ | ᠮᠣᠩᠭᠤᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠡᠯ᠎ᠡ | ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠳᠡᠮᠵᠢᠬᠦ ᠶᠢᠨ ᠲᠥᠯᠥᠭᠡ | ᠲᠣᠭᠲᠠᠭᠠᠭᠰᠠᠨ ᠪᠥᠬᠦ ᠲᠠᠯ᠎ᠠ ᠶᠢᠨ ᠢᠵᠢ ᠪᠦᠷᠢᠳᠦᠭᠰᠡᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠣᠯᠣᠨ᠎ᠠ᠃ | ︽ᠬᠡᠷᠡᠭᠵᠢᠭᠦᠯᠬᠦ ᠲᠥᠰᠥᠯ︾ ᠨᠢ ︽ᠳᠤᠯᠠᠭᠠᠯᠠᠭ᠎ᠠ ᠶᠢᠨ ᠢᠨᠵᠧᠨᠧᠷᠢᠩ︾ ᠪᠠ ᠭᠤᠣᠯᠳᠠᠯᠭ᠎ᠠ ᠲᠠᠢ ᠭᠠᠵᠠᠷ | ᠣᠷᠣᠨ ᠤ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠠᠬᠢᠭᠤᠯᠬᠤ᠂ ᠣᠶᠤᠨᠴᠢ ᠪᠠᠷ ᠢᠯᠴᠢ ᠬᠠᠩᠭᠠᠬᠤ ᠵᠢᠱᠢᠶ᠎ᠡ | ᠦᠵᠡᠭᠦᠯᠦᠨ ᠳᠡᠯᠭᠡᠷᠡᠭᠦᠯᠬᠦ ᠠᠵᠢᠯ ᠢ ᠥᠷᠨᠢᠭᠦᠯᠬᠦ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ | ᠰᠢᠯᠵᠢᠭᠦᠯᠦᠨ ᠵᠥᠭᠡᠭᠡᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ᠂ ᠪᠣᠬᠢᠷ ᠤᠰᠤ ᠶᠢ | ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ᠂ ᠬᠤᠲᠠ | ᠪᠠᠯᠭᠠᠰᠤᠨ ᠤ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ᠂ ᠣᠷᠣᠨ | ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠬᠦ᠂ ᠴᠢᠨᠠᠷ ᠰᠠᠶᠢᠲᠠᠢ ᠣᠷᠣᠨ | ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠬᠤ᠂ ᠪᠦᠷᠢᠨ ᠪᠦᠲᠦᠨ ᠨᠡᠶᠢᠭᠡᠮ ᠲᠣᠭᠤᠷᠢᠭ ᠤᠨ | ᠪᠦᠲᠦᠭᠡᠨ ᠪᠠᠶᠢᠭᠤᠯᠤᠯᠲᠠ ᠪᠠ ᠬᠤᠲᠠ ᠪᠠᠯᠭᠠᠰᠤᠨ ᠤ ᠬᠠᠭᠤᠴᠢᠨ ᠵᠢᠵᠢᠭ ᠬᠤᠷᠢᠶᠠᠯᠠᠯ ᠤᠨ ᠥᠭᠡᠷᠡᠴᠢᠯᠡᠯᠲᠡ ᠶᠢ | ᠶᠡᠭᠡ ᠪᠠᠷ ᠥᠷᠨᠢᠭᠦᠯᠬᠦ᠂ ᠬᠤᠲᠠ ᠶᠢᠨ ᠰᠢᠲᠠᠮᠠᠬᠠᠢ ᠬᠡᠢ ᠶᠢᠨ ᠬᠤᠭᠤᠯᠠᠢ ᠵᠡᠷᠭᠡ ᠬᠠᠭᠤᠴᠢᠷᠠᠭᠰᠠᠨ ᠢ ᠰᠢᠨᠡᠳᠬᠡᠨ | ᠥᠭᠡᠷᠡᠴᠢᠯᠡᠬᠦ ᠶᠢ ᠲᠦᠷᠭᠡᠳᠬᠡᠨ ᠠᠬᠢᠭᠤᠯᠬᠤ᠂ ᠬᠤᠳᠠ ᠶᠢᠨ ᠰᠠᠭᠤᠷᠢ ᠪᠡᠯᠡᠳᠬᠡᠮᠵᠢ ᠶᠢᠨ ᠠᠮᠢ ᠨᠠᠰᠤᠨ ᠤ | ᠱᠤᠭᠤᠮ ᠤᠨ ᠠᠮᠤᠷ ᠲᠦᠪᠰᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ | ᠠᠬᠢᠭᠤᠯᠬᠤ᠂ ᠬᠤᠳᠠ ᠶᠢᠨ ᠤᠰᠤ ᠭᠠᠳᠠᠭᠰᠢᠯᠠᠭᠤᠯᠵᠤ ᠤᠰᠤᠲᠤᠯ ᠢ ᠰᠡᠷᠭᠡᠶᠢᠯᠡᠬᠦ ᠢᠨᠵᠧᠨᠧᠷᠢᠩ ᠤᠨ | ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠬᠤ᠂ ᠪᠦᠬᠦ ᠣᠷᠣᠨ ᠪᠦᠰᠡ ᠶᠢᠨ ᠬᠠᠶᠢᠮᠢᠶᠠᠨ ᠬᠤᠳᠠ ᠶᠢᠨ ᠪᠦᠲᠦᠭᠡᠨ | ᠪᠠᠶᠢᠭᠤᠯᠤᠯᠲᠠ ᠶᠢ ᠰᠢᠰᠲ᠋ᠧᠮᠵᠢᠭᠦᠯᠦᠨ ᠠᠬᠢᠭᠤᠯᠬᠤ᠂ ᠪᠠᠷᠢᠮᠵᠢᠶᠠᠵᠢᠭᠤᠯᠬᠤ ᠠᠵᠢᠯ ᠤᠨ ᠲᠦᠪᠰᠢᠨ ᠢ ᠳᠡᠭᠡᠭᠰᠢᠯᠡᠭᠦᠯᠬᠦ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ᠂ ᠪᠠᠷᠢᠯᠭ᠎ᠠ ᠶᠢᠨ | ᠦᠢᠯᠡᠰ ᠤᠨ ︽ᠴᠢᠭᠢᠷᠠᠭᠵᠢᠬᠤ︾ ᠶᠢ ᠠᠬᠢᠭᠤᠯᠬᠤ ᠵᠡᠷᠭᠡ 15 ᠲᠠᠯ᠎ᠠ ᠪᠠᠷ ᠪᠣᠳᠠᠲᠠᠢ ᠳᠡᠮᠵᠢᠬᠦ ᠠᠷᠭ᠎ᠠ ᠬᠡᠮᠵᠢᠶ᠎ᠡ | ᠣᠯᠭᠤᠵᠤ᠂ ᠪᠣᠳᠠᠲᠠᠢ ᠡᠭᠦᠷᠭᠡ ᠶᠢ ᠵᠦᠢᠯ ᠳᠠᠷᠠᠭᠠᠯᠠᠨ ᠲᠣᠳᠣᠷᠬᠠᠶᠢᠯᠠᠵᠤ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠪᠠᠶᠢᠭᠤᠯᠭ᠎ᠠ ᠶᠢᠨ ᠡᠯ᠎ᠡ ᠨᠢᠭᠡᠴᠢ᠂ ᠰᠢᠭᠤᠳ ᠬᠠᠷᠢᠶ᠎ᠠ ᠡᠯ᠎ᠡ | ᠨᠢᠭᠡᠴᠢ ᠳᠤ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠡᠭᠦᠷᠭᠡ | ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠡᠯ᠎ᠡ ᠵᠦᠢᠯ ᠤᠨ ᠳᠡᠮᠵᠢᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ | ᠳᠡᠮᠵᠢᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ | ᠭᠡᠵᠦ ᠱᠠᠭᠠᠷᠳᠠᠪᠠ᠃ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠡᠨᠡ ᠬᠦ ᠲᠣᠬᠢᠶᠠᠯ ᠢ ᠴᠢᠩᠭ᠎ᠠ ᠠᠳᠬᠤᠵᠤ᠂ ᠨᠡᠪᠲᠡᠷᠡᠯᠴᠡᠨ ᠵᠣᠯᠭᠠᠭᠤᠯᠬᠤ ᠶᠢ ᠰᠠᠨᠠᠭᠠᠴᠢᠯᠠᠭ᠎ᠠ ᠠᠴᠠ ᠪᠠᠨ | ᠬᠢᠨᠠᠮᠠᠭᠠᠢ ᠰᠠᠶᠢᠲᠤᠷ ᠬᠢᠵᠦ᠂ ᠠᠵᠢᠯ ᠤᠨ ᠲᠥᠰᠥᠯ ᠲᠣᠭᠲᠠᠭᠠᠨ᠂ ᠠᠵᠢᠯ ᠤᠨ ᠠᠷᠭ᠎ᠠ ᠪᠠᠷᠢᠯ ᠢᠶᠠᠨ | ᠨᠠᠷᠢᠯᠢᠭᠵᠢᠭᠤᠯᠵᠤ᠂ ︽ᠬᠡᠷᠡᠭᠵᠢᠭᠦᠯᠬᠦ ᠲᠥᠰᠥᠯ︾ ᠳᠤ ᠲᠣᠭᠲᠠᠭᠠᠭᠰᠠᠨ ᠵᠦᠢᠯᠡᠰ ᠢ ᠳᠠᠷᠠᠭᠠᠯᠠᠨ | ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ | ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠣᠷᠣᠨ ᠰᠠᠭᠤᠴᠠ ᠪᠠ | ᠪᠦᠲᠦᠭᠡᠨ ᠪᠠᠶᠢᠭᠤᠯᠤᠯᠲᠠ ᠶᠢᠨ ᠬᠦᠴᠦ ᠪᠠᠨ ᠨᠡᠮᠡᠷᠢᠯᠡᠬᠦ ᠪᠠᠷ ᠴᠢᠷᠮᠠᠶᠢᠨ᠎ᠠ᠃ |