ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠬᠤᠳᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠥᠬᠦᠳᠡ ︵ᠥᠷᠭᠡᠳᠬᠡᠭᠰᠡᠨ︶ ᠬᠤᠷᠠᠯ  ᠬᠤᠷᠠᠯᠳᠤᠭᠰᠠᠨ
ᠨᠡᠶᠢᠲᠡᠯᠡᠭᠰᠡᠨ ᠴᠠᠭ᠄
2024/3/1
     2 ᠰᠠᠷ᠎ᠠ ᠶᠢᠨ 28 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ  ᠰᠢᠯᠢ ᠶᠢᠨ ᠬᠤᠳᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ  ᠬᠤᠷᠠᠯᠳᠤᠭᠰᠠᠨ ᠪᠠᠶᠢᠨ᠎ᠠ᠃      ᠬᠤᠷᠠᠯ ᠳᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠪᠠ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ ᠨᠠᠶᠢᠳᠠᠪᠤᠷᠢᠵᠢᠭᠤᠯᠵᠤ᠂ 2023 ᠣᠨ ᠤ ᠠᠵᠢᠯ ᠢᠶᠠᠨ ᠳ᠋ᠦᠩᠨᠡᠵᠦ᠂ 2024 ᠣᠨ ᠤ ᠠᠵᠢᠯ ᠢᠶᠠᠨ  ᠪᠠᠶᠢᠷᠢᠯᠠᠭᠤᠯᠵᠠᠢ᠃      ᠰᠢᠯᠢ ᠶᠢᠨ ᠭᠤᠤᠯ ᠠᠶᠢᠮᠠᠭ ᠤᠨ ᠳᠡᠳ᠋ ᠳᠠᠷᠤᠭ᠎ᠠ᠂  ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠨ ᠵᠧᠨ ᠵᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠭᠰᠠᠨ ᠪᠠᠶᠢᠨ᠎ᠠ᠃ ᠠᠶᠢᠮᠠᠭ ᠤᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠦᠦ ᠰᠢᠤᠸᠠᠢ ᠮᠧᠶ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠰᠢᠯᠢ  ᠶᠢᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠧᠦ ᠫᠧᠢ ᠯᠦᠩ ᠬᠤᠷᠠᠯ ᠡᠷᠭᠢᠯᠡᠭᠰᠡᠨ ᠪᠥᠭᠡᠳ ᠬᠤᠲᠠ  ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ  ᠬᠤᠷᠢᠶ᠎ᠠ ᠶᠢ ᠲᠦᠯᠦᠭᠡᠯᠡᠨ ᠠᠵᠢᠯ ᠤᠨ ᠮᠡᠳᠡᠬᠦᠯᠦᠯᠳᠠ ᠬᠢᠵᠠᠢ᠃      ᠬᠤᠷᠠᠯ ᠠᠴᠠ ᠵᠢᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂  ᠰᠢᠯᠢ ᠶᠢᠨ ᠬᠤᠳᠠ ᠶᠢᠨ ᠨᠠᠮ ᠤᠨ ᠬᠤᠷᠢᠶ᠎ᠠ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠠᠢ᠃ ᠪᠦᠬᠦ ᠬᠤᠲᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ  ᠶᠢ ᠭᠦᠨᠵᠡᠭᠡᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠲᠤᠬᠠᠢ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾ ᠵᠡᠷᠭᠡ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠶᠢ ᠴᠢᠩᠭᠠᠳᠬᠠᠨ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠦᠴᠦᠲᠡᠢ ᠬᠢᠨᠠᠯᠲᠠ ᠲᠠᠯᠪᠢᠬᠤ ᠪᠠᠷ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠢᠯᠵᠢᠷᠡᠯ ᠢ ᠵᠠᠯᠬᠠᠭᠠᠨ ᠰᠢᠳᠬᠡᠬᠦ ᠰᠦᠷ ᠬᠦᠴᠦᠲᠦ ᠪᠠᠶᠢᠳᠠᠯ ᠢ ᠢᠮᠠᠭᠲᠠ ᠪᠠᠲᠤᠯᠠᠵᠤ᠂ ᠭᠤᠣᠯᠳᠠᠯᠭ᠎ᠠ ᠲᠠᠢ ᠬᠦᠷᠢᠶ᠎ᠡ ᠪᠣᠯᠣᠨ ᠤᠯᠠᠨ ᠲᠦᠮᠡᠨ ᠤ ᠳᠡᠷᠭᠡᠳᠡᠬᠢ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠥᠷᠭᠡᠴᠡ ᠭᠦᠨᠴᠡ ᠶᠢ ᠲᠠᠰᠤᠷᠠᠯᠳᠡ ᠦᠭᠡᠢ ᠥᠷᠭᠡᠳᠬᠡᠵᠦ᠂ ᠢᠯᠵᠢᠷᠡᠯ ᠤᠨ ᠡᠭᠦᠰᠬᠦ ᠨᠥᠬᠦᠴᠡᠯ ᠢ ᠡᠷᠡᠰ ᠠᠷᠢᠯᠭᠠᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠦᠭᠡᠢ ᠰᠠᠶᠢᠲᠤᠷ ᠠᠳᠬᠤᠵᠤ᠂ ︽ᠲᠦᠷᠪᠡᠨ ᠰᠤᠷᠲᠠᠯ︾  ᠤᠨ ᠭᠡᠮ ᠠᠷᠬᠠᠭ ᠢ ᠡᠷᠡᠰ ᠵᠠᠯᠠᠷᠠᠭᠤᠯᠵᠤ᠂ ᠰᠠᠬᠢᠯᠭ᠎ᠠ ᠪᠠᠲᠤ ᠶᠢᠨ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ︾  ᠢ ᠶᠡᠬᠡᠪᠡᠷ ᠬᠡᠷᠡᠭᠵᠢᠭᠦᠯᠵᠦ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠨᠡᠨᠬᠦ ᠪᠤᠢ ᠪᠣᠯᠭᠠᠬᠤ ᠬᠡᠷᠡᠭᠲᠡᠢ ᠭᠡᠵᠡᠢ᠃         ᠲᠣᠭᠤᠷ ᠣᠷᠴᠢᠭᠤᠯᠣᠨ ᠨᠠᠶᠢᠷᠠᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号