ᠴᠤᠬᠠᠡᠭᠤᠯᠠ ᠰᠤᠮᠤ ᠨᠢ ᠰᠢᠯᠢ ᠶᠢᠨ ᠬᠤᠳᠠ ᠶᠢᠨ ᠵᠡᠭᠦᠨ ᠬᠤᠶᠢᠲᠤ ᠬᠡᠰᠡᠭ ᠲᠤ ᠪᠠᠶᠢᠷᠢᠯᠠᠵᠤ᠂ ᠬᠤᠲᠠ ᠶᠢᠨ | ᠲᠣᠭᠤᠷᠢᠭ ᠠᠴᠠ 80 ᠺᠢᠯᠤᠮᠧᠲᠷ ᠵᠠᠶᠢᠲᠠᠢ᠃ 2001 ᠣᠨ ᠳᠤ ᠤᠤᠯ ᠤᠨ ᠴᠤᠬᠠᠡᠭᠤᠯᠠ ᠰᠤᠮᠤ ᠪᠣᠯᠤᠨ | ᠲᠥᠭᠦᠷᠢᠭ ᠰᠤᠮᠤ ᠠᠴᠠ ᠨᠡᠶᠢᠯᠡᠨ ᠪᠦᠷᠢᠯᠳᠦᠵᠦ᠂ ᠳᠣᠣᠷ᠎ᠠ ᠨᠢ 6 ᠭᠠᠴᠠᠭ᠎ᠠ᠂ 3 ᠰᠠᠭᠤᠭᠠᠯᠢ ᠠᠷᠠᠳ ᠤᠨ | ᠵᠥᠪᠯᠡᠯ ᠢ ᠬᠠᠷᠢᠶᠠᠯᠠᠵᠤ᠂ ᠰᠢᠶᠠᠨ ᠰᠢᠶᠠᠩ ᠲᠣᠰᠬᠤᠨ ᠤ ᠳᠡᠰ ᠤᠨ ᠵᠠᠰᠠᠮᠠᠯ ᠵᠠᠮ ᠤᠨ ᠲᠡᠷᠭᠡ ᠨᠡᠪᠲᠡᠷᠡᠭᠰᠡᠨ ᠵᠠᠮ ᠤᠨ | ᠤᠷᠲᠤ ᠨᠢ 130 ᠺᠢᠯᠤᠮᠧᠲᠷ ᠪᠣᠯᠤᠨ᠎ᠠ᠃ ᠶᠡᠷᠦᠩᠬᠡᠶ ᠲᠠᠯᠠᠪᠠᠶ ᠨᠢ 1880 ᠲᠡᠭᠰᠢ ᠳᠥᠷᠪᠡᠯᠵᠢᠨ ᠺᠢᠯᠣᠮᠧᠲᠷ ︵ | 282 ᠲᠦᠮᠡᠨ ᠮᠥ︶ ᠪᠠᠶᠢᠵᠤ᠂ ᠡᠭᠦᠨ ᠳᠤ ᠠᠰᠢᠭᠯᠠᠵᠤ ᠪᠣᠯᠬᠤ ᠪᠡᠯᠴᠢᠭᠡᠷ ᠤᠨ ᠲᠠᠯᠠᠪᠠᠶ ᠨᠢ 1848 ᠲᠡᠭᠰᠢ | ᠳᠥᠷᠪᠡᠯᠵᠢᠨ ᠺᠢᠯᠣᠮᠧᠲᠷ ︵277.2 ᠲᠦᠮᠡᠨ ᠮᠥ︶ ᠪᠠᠶᠢᠵᠤ᠂ ᠨᠡᠶᠢᠲᠡᠯᠢᠭ ᠨᠤᠲᠤᠭ ᠪᠡᠯᠴᠢᠭᠡᠷ ᠤᠨ ᠤᠷᠭᠤᠮᠠᠯ ᠤᠨ | ᠬᠤᠴᠢᠯᠭ᠎ᠠ ᠶᠢᠨ ᠲᠥᠷᠥᠯ ᠵᠤᠶᠢᠯ ᠢᠶᠠᠷ ᠭᠤᠤᠯ ᠪᠣᠯᠭᠠᠵᠤ᠂ ᠬᠥᠮᠦᠨ ᠪᠦᠷᠢ ᠳᠤ ᠳᠤᠮᠳᠠᠴᠢ ᠪᠠᠷ 1090 ᠮᠥ | ᠨᠤᠲᠤᠭ ᠪᠡᠯᠴᠢᠭᠡᠷ ᠨᠣᠭᠳᠠᠬᠤ ᠪᠣᠯᠤᠨ᠎ᠠ᠃ | ᠡᠷᠦᠬᠡ ᠠᠮᠠ ᠶᠢᠨ ᠲᠠᠩᠰᠠ ᠲᠠᠢ ᠬᠥᠮᠦᠨ ᠠᠮᠠ 1297 ᠡᠷᠦᠬᠡ 3902 ᠭᠥᠮᠤᠨ ᠪᠠᠶᠢᠵᠤ᠂ ᠪᠠᠶᠢᠩᠭᠤ | ᠰᠠᠭᠤᠭ᠎ᠠ ᠬᠥᠮᠦᠨ ᠠᠮᠠ 675ᠡᠷᠦᠬᠡ 2049 ᠭᠥᠮᠤᠨ᠃ ᠣᠳᠣᠬᠠᠨ ᠳᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭᠠᠲᠤ ᠡᠷᠦᠬᠡ 176 ᠡᠷᠦᠬᠡ 261 ᠬᠥᠮᠦᠨ᠂ ︽ᠲᠠᠪᠤᠨ ᠪᠠᠲᠤᠯᠠᠭᠠᠲᠤ ᠡᠷᠦᠬᠡ︾ 1 ᠡᠷᠦᠬᠡ 1 ᠬᠥᠮᠦᠨ | ᠪᠠᠶᠢᠨ᠎ᠠ᠃ ᠰᠤᠮᠤ ᠨᠢ ᠮᠠᠯ ᠠᠵᠤ ᠠᠬᠤᠶ ᠪᠠᠷ ᠲᠤᠯᠭᠠᠭᠤᠷᠢ ᠠᠵᠤ ᠥᠢᠯᠠᠰ ᠪᠣᠯᠭᠠᠵᠤ᠂ 2023 ᠣᠨ ᠳᠤ᠂ | 166013 ᠲᠣᠯᠣᠭᠠᠶ ᠮᠠᠯ ᠲᠠᠢ᠂ ᠡᠭᠦᠨ ᠳᠤ ᠪᠣᠳᠠ ᠮᠠᠯ 16306 ᠲᠣᠯᠣᠭᠠᠶ᠂ ᠪᠤᠭ ᠮᠠᠯ 149707 ᠪᠠᠶᠢᠨ᠎ᠠ | ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠠᠷᠤᠭ 42.79 ᠲᠦᠮᠡᠨ ᠮᠥ᠂ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠣᠷᠣᠨ ᠪᠠᠷᠤᠭ 226.25 ᠲᠦᠮᠡᠨ ᠮᠥ᠂ ᠬᠠᠳᠤᠯᠠᠩ ᠪᠡᠯᠴᠢᠭᠡᠷ ᠢ ᠪᠠᠷᠤᠭ 10.4 ᠲᠦᠮᠡᠨ ᠮᠥ᠂ | ᠤᠡᠴᠠᠭᠠᠢ ᠴᠢᠳᠠᠮᠵᠢᠳᠤ ᠣᠷᠣᠨ ᠪᠠᠷᠤᠭ 0.7 ᠲᠦᠮᠡᠨ ᠮᠥ ᠪᠠᠶᠢᠨ᠎ᠠ᠃ ᠰᠡᠷᠢᠭᠦᠨ ᠪᠦᠰᠡᠨ ᠤ ᠡᠬᠡ ᠭᠠᠵᠠᠷ ᠤᠨ | ᠴᠢᠨᠠᠷᠲᠠᠶ ᠠᠭᠤᠷ ᠠᠮᠢᠰᠬᠤᠯ ᠳᠤ ᠬᠠᠷᠢᠶᠠᠯᠠᠭᠳᠠᠵᠤ᠂ ᠳᠤᠮᠳᠠᠴᠢ ᠪᠠᠷ ᠳᠠᠯᠠᠶ ᠶᠢᠨ ᠲᠦᠪᠰᠢᠨ ᠠᠴᠠ 947.75 | ᠮᠧᠲᠷ᠂ ᠬᠠᠮᠤᠭ ᠥᠨᠳᠥᠷ ᠣᠷᠭᠢᠯ ᠴᠤᠬᠠᠡᠭᠤᠯᠠ ᠠᠭᠤᠯᠠ ᠨᠢ ᠳᠠᠯᠠᠶ ᠶᠢᠨ ᠲᠦᠪᠰᠢᠨ ᠠᠴᠠ 1227.7 ᠮᠧᠲᠷ᠂ | 2 ᠭᠤᠣᠯ ᠮᠥᠷᠡᠨ᠂ 2 ᠨᠠᠭᠤᠷ ᠴᠥᠭᠦᠷᠥᠮ ᠪᠠᠶᠢᠵᠤ᠂ ᠾᠷᠣᠮ᠂ ᠨᠡᠭᠦᠷᠡᠰᠦ ᠵᠡᠷᠭᠡ ᠠᠭᠤᠷᠬᠠᠶ ᠶᠢᠨ ᠭᠠᠷᠤᠯᠲᠠ ᠶᠢᠨ | ᠡᠬᠢ ᠪᠠᠶᠠᠯᠢᠭ ᠡᠯᠪᠡᠭ ᠪᠠᠶᠠᠯᠢᠭ ᠪᠠᠶᠢᠳᠠᠭ᠃ | ᠰᠤᠮᠤᠨ ᠤ ᠨᠠᠮ ᠤᠨ ᠬᠤᠷᠢᠶᠠᠨ ᠤ ᠬᠠᠷᠢᠶᠠᠨ ᠳᠤ 1 ᠪᠠᠶᠢᠭᠤᠯᠭ᠎ᠠ ᠶᠢᠨ ᠨᠠᠮ ᠤᠨ ᠡᠭᠦᠷ᠂ 6 ᠭᠠᠴᠠᠭᠠᠨ ᠤ | ᠨᠠᠮ ᠤᠨ ᠡᠭᠦᠷ᠂ 3 ᠰᠠᠭᠤᠭᠠᠯᠢ ᠠᠷᠠᠳ ᠤᠨ ᠵᠥᠪᠯᠡᠯ ᠤᠨ ᠨᠠᠮ ᠤᠨ ᠡᠭᠦᠷ ᠵᠡᠷᠭᠡ 10 ᠨᠠᠮ ᠤᠨ ᠡᠭᠦᠷ | ᠬᠠᠷᠢᠶᠠᠯᠠᠭᠳᠠᠵᠤ᠂ ᠨᠡᠶᠢᠲᠡ 197 ᠨᠠᠮ ᠤᠨ ᠭᠡᠰᠢᠭᠦᠨ᠂ 19 ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠪᠣᠶ᠃ | | ᠬᠠᠷᠢᠯᠴᠠᠬᠤ ᠣᠲᠠᠰᠣ᠄ 0479-2770085 | ᠢᠮᠧᠯ᠄ chaokewulasumu@163.com |