ᠪᠦᠷᠢᠨᠵᠢᠨ ᠪᠥᠬᠦ ᠠᠶᠢᠮᠠᠭ ᠤᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ​ᠡᠭᠦᠳᠦᠨ ᠪᠠᠶᠢᠭᠤᠯᠬᠤ ᠰᠢᠯᠢ ᠶᠢᠨ ᠬᠤᠲᠠ ᠶᠢᠨ ᠲᠣᠬᠢᠷᠠᠭᠤᠯᠤᠯᠲᠠ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/12
ᠪᠦᠷᠢᠨᠵᠢᠨ ᠪᠥᠬᠦ ᠠᠶᠢᠮᠠᠭ ᠤᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠰᠢᠯᠢ ᠶᠢᠨ ᠬᠤᠲᠠ ᠶᠢᠨ ᠲᠣᠬᠢᠷᠠᠭᠤᠯᠤᠯᠲᠠ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ       3 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠪᠦᠷᠢᠨᠵᠢᠨ ᠪᠥᠬᠦ ᠠᠶᠢᠮᠠᠭ ᠤᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠰᠢᠯᠢ ᠶᠢᠨ ᠬᠤᠲᠠ ᠶᠢᠨ ᠲᠣᠬᠢᠷᠠᠭᠤᠯᠣᠯᠲᠠ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠤᠯᠠᠮ ᠨᠢᠭᠡ ᠠᠯᠬᠤᠮ ᠪᠠᠶᠢᠷᠢᠯᠠᠭᠤᠯᠤᠨ ᠠᠬᠢᠭᠤᠯᠪᠠ᠃       ᠬᠤᠷᠠᠯ ᠠᠴᠠ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠤᠯᠤᠰ ᠲᠦᠷᠦ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ᠂ ᠠᠷᠠᠳ ᠤᠨ ᠠᠮᠢᠳᠤᠷᠠᠯ ᠢ ᠠᠬᠢᠭᠤᠯᠬᠤ ᠥᠨᠳᠥᠷᠴᠡ ᠠᠴᠠ ᠪᠦᠬᠦ ᠠᠶᠢᠮᠠᠭ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠠᠬᠢᠭᠤᠯᠬᠤ ᠳᠤᠮᠳᠠ ᠰᠢᠯᠢ ᠶᠢᠨ ᠬᠤᠲᠠ ᠳᠤ ᠬᠤᠯᠪᠣᠭᠳᠠᠬᠤ ᠡᠯ᠎ᠡ ᠵᠦᠢᠯ ᠤᠨ ᠠᠵᠢᠯ ᠤᠨ ᠡᠭᠦᠷᠭᠡ ᠨᠢ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠵᠢᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠪᠠᠷᠢᠮᠵᠢᠶ᠎ᠠ ᠪᠣᠯᠣᠨ ᠡᠯ᠎ᠡ ᠱᠠᠲᠤᠨ ᠤ ᠡᠯ᠎ᠡ ᠲᠥᠷᠥᠯ ᠤᠨ ᠪᠠᠶᠢᠴᠠᠭᠠᠯᠲᠠ ᠶᠢᠨ ᠥᠪᠡᠷ ᠤᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠲᠠᠢ ᠬᠠᠷᠢᠴᠠᠭᠤᠯᠵᠤ ᠵᠡᠭᠡᠯᠢ ᠭᠤᠳᠤᠮᠵᠢ᠂ ᠬᠤᠲᠠ ᠬᠥᠳᠡᠭᠡ ᠶᠢᠨ ᠠᠭᠤᠯᠵᠠᠷ ᠬᠡᠰᠡᠭ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠪᠠ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠨᠣᠭᠤᠭᠠᠷᠠᠭᠤᠯᠤᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠶᠢ ᠦᠨᠡᠯᠡᠨ ᠵᠢᠱᠢᠬᠦ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢ ᠬᠥᠳᠡᠯᠦᠩᠭᠦᠢ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠪᠥᠭᠡᠳ ᠪᠣᠳᠠᠲᠠᠢ ᠪᠠᠷ ᠰᠠᠶᠢᠲᠤᠷ ᠠᠳᠬᠤᠵᠤ᠂ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠪᠠᠬᠢᠵᠢᠭᠦᠯᠦᠨ ᠭᠦᠨᠵᠡᠭᠡᠶᠢᠷᠡᠭᠦᠯᠬᠦ ᠲᠣᠭᠲᠠᠴᠠ ᠶᠢ ᠪᠦᠷᠢᠨᠰᠢᠭᠦᠯᠵᠦ᠂ ᠨᠢᠭᠡ ᠠᠴᠠ ᠨᠦᠬᠦᠭᠡ ᠶᠢ ᠵᠦᠢᠴᠢᠯᠡᠵᠦ᠂ ᠴᠡᠭ ᠢᠶᠠᠷ ᠨᠡᠶᠢᠳᠡᠮ ᠢ ᠳᠠᠶᠢᠴᠢᠯᠠᠨ  ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠤᠬᠠᠭᠤᠯᠵᠤ ᠬᠥᠲᠥᠯᠥᠨ ᠵᠢᠯᠤᠭᠤᠳᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠠᠭᠤᠭᠠᠯᠢ ᠠᠷᠠᠳ ᠤᠯᠠᠨ ᠲᠦᠮᠡᠨ ᠤ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠣᠶᠢᠯᠠᠭᠠᠬᠤ ᠨᠤᠷᠮ᠎ᠠ᠂ ᠳᠡᠮᠵᠢᠬᠦ ᠨᠤᠷᠮ᠎ᠠ᠂ ᠣᠷᠣᠯᠴᠠᠬᠤ ᠨᠤᠷᠮ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠦᠨᠡᠨᠬᠦ ᠪᠤᠢ ᠪᠣᠯᠭᠠᠬᠤ ᠬᠡᠷᠡᠭᠲᠡᠢ᠃ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠠᠵᠢᠯ ᠤᠨ ᠭᠤᠣᠯᠳᠠᠯᠭ᠎ᠠ ᠶᠢ ᠴᠢᠩᠭ᠎ᠠ ᠠᠳᠬᠤᠨ᠂ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠵᠢᠯᠣᠭᠤᠳᠤᠨ ᠲᠣᠬᠢᠷᠠᠭᠤᠯᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠠᠬᠢᠭᠤᠯᠤᠨ᠂ ᠪᠥᠬᠦ ᠠᠶᠢᠮᠠᠭ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃      ᠬᠤᠳᠠ ᠶᠢᠨ ᠳᠡᠳ᠋ ᠳᠠᠷᠤᠭ᠎ᠠ ᠨᠠᠪᠴᠢᠮ᠎ᠠ ᠵᠢᠴᠢ ᠤᠯᠤᠰ ᠢᠶᠠᠨ ᠬᠠᠶᠢᠷᠠᠯᠠᠬᠤ ᠵᠥᠪᠯᠡᠯ ᠤᠨ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号