3 ᠰᠠᠷ᠎ᠠ ᠶᠢᠨ 11 ᠤ ᠡᠳᠦᠷ᠂ ᠪᠦᠭᠦ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ | ᠰᠡᠷᠭᠡᠶᠢᠯᠡᠵᠦ ᠲᠦᠢᠮᠡᠷ ᠢ ᠤᠨᠲᠠᠷᠠᠭᠠᠬᠤ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ | ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠲᠠᠶᠢᠴᠢᠨ ᠬᠤᠷᠠᠯ ᠢ ᠡᠷᠭᠢᠯᠡᠪᠡ᠃ | ᠬᠤᠸᠠᠩ ᡁᠢ ᠴᠢᠶᠠᠩ᠂ ᠬᠠᠪᠤᠷ ᠤᠨ ᠤᠯᠠᠷᠢᠯ ᠳᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠭᠠᠮᠰᠢᠭ | ᠡᠭᠦᠰᠬᠦ ᠰᠢᠯᠲᠠᠭᠠᠨ ᠣᠯᠠᠨ᠂ ᠠᠶᠤᠯ ᠲᠦᠭᠰᠢᠭᠦᠷᠢ ᠶᠡᠭᠡ ᠪᠠᠶᠢᠵᠤ᠂ ᠲᠦᠢᠮᠡᠷ ᠢ ᠰᠡᠷᠭᠡᠶᠢᠯᠡᠨ ᠲᠦᠢᠮᠡᠷ ᠢ | ᠤᠨᠲᠠᠷᠠᠭᠠᠬᠤ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠶᠢᠳᠠᠭ᠃ ᠲᠦᠢᠮᠡᠷ ᠢ ᠰᠡᠷᠭᠡᠶᠢᠯᠡᠨ | ᠲᠦᠢᠮᠡᠷ ᠢ ᠤᠨᠲᠠᠷᠠᠭᠠᠬᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠤᠷᠢᠭ᠎ᠠ ᠱᠤᠭᠤᠮ ᠤᠨ ᠰᠡᠳᠬᠢᠬᠦᠢ ᠪᠠᠨ | ᠴᠢᠩᠭᠠᠳᠬᠠᠵᠤ᠂ ᠬᠡᠷᠡᠭ ᠶᠠᠪᠤᠳᠠᠯ ᠢ ᠬᠠᠮᠢᠶᠠᠷᠬᠤ ᠬᠥᠮᠥᠨ ᠲᠠᠢ᠂ ᠲᠦᠢᠮᠡᠷ ᠢ ᠰᠡᠷᠭᠡᠶᠢᠯᠡᠬᠦ ᠬᠥᠮᠥᠨ ᠲᠠᠢ᠂ | ᠬᠠᠷᠢᠭᠤᠴᠠᠯᠭ᠎ᠠ ᠶᠢ ᠡᠭᠦᠷᠭᠡᠯᠡᠬᠦ ᠬᠥᠮᠥᠨ ᠲᠠᠢ ᠪᠠᠶᠢᠬᠤ ᠶᠢ ᠪᠡᠶᠡᠯᠡᠭᠦᠯᠵᠦ᠂ ︽ᠴᠠᠭ ᠢᠮᠠᠭᠲᠠ ᠰᠠᠨᠠᠭ᠎ᠠ ᠠᠮᠤᠷ ᠦᠭᠡᠢ | ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠨ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ | ᠠᠵᠢᠯᠯᠠᠭᠠᠨ ᠤ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ︽ᠰᠡᠷᠭᠡᠶᠢᠯᠡᠬᠦ︾ ᠶᠢ ᠲᠣᠪᠤᠶᠢᠯᠭᠠᠨ ᠰᠠᠶᠢᠲᠤᠷ | ᠠᠳᠬᠤᠵᠤ᠂ ᠣᠨᠴᠠᠭᠠᠶᠢᠯᠠᠨ ᠬᠠᠩᠰᠢ᠂ ︽5 · 1︾ ᠵᠡᠷᠭᠡ ᠠᠶᠤᠯ ᠲᠦᠭᠰᠢᠭᠦᠷᠢ ᠶᠡᠬᠡᠲᠡᠢ ᠴᠠᠭ ᠬᠤᠭᠤᠴᠠᠭ᠎ᠠ ᠶᠢ | ᠲᠣᠪᠤᠶᠢᠯᠭᠠᠨ ᠰᠠᠶᠢᠲᠤᠷ ᠠᠳᠬᠤᠵᠤ᠂ ᠲᠦᠢᠮᠡᠷ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ︽ᠬᠠᠮ ᠠᠷᠭ᠎ᠠ | ᠬᠡᠮᠵᠢᠶ᠎ᠡ︾ ᠶᠢ ᠰᠠᠶᠢᠲᠤᠷ ᠠᠪᠴᠤ᠂ ᠠᠭᠤᠯᠠ ᠶᠢ ᠪᠠᠲᠤ ᠰᠠᠬᠢᠵᠤ᠂ ᠬᠥᠮᠥᠨ ᠢ ᠰᠠᠶᠢᠲᠤᠷ ᠬᠠᠷᠠᠵᠤ᠂ ᠭᠠᠯ ᠢ | ᠰᠠᠶᠢᠲᠤᠷ ᠬᠠᠮᠢᠶᠠᠷᠬᠤ ᠬᠡᠷᠡᠭᠲᠡᠢ᠃ ︽ᠤᠨᠲᠠᠷᠠᠭᠠᠬᠤ︾ ᠶᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ᠂ ᠵᠢᠵᠢᠭᠦᠷᠯᠡᠨ ᠰᠠᠬᠢᠬᠤ ᠵᠡᠷᠭᠡ ᠳᠦᠷᠢᠮ ᠢ ᠰᠠᠶᠢᠲᠤᠷ | ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠬᠥᠮᠥᠨ ᠤ ᠬᠦᠴᠦᠨ ᠢ ᠰᠢᠯᠢᠳᠡᠭᠵᠢᠭᠦᠯᠵᠦ᠂ ᠲᠦᠢᠮᠡᠷ ᠢ | ᠤᠨᠲᠠᠷᠠᠭᠠᠬᠤ ᠡᠳ᠋ ᠪᠣᠳᠠᠰ ᠢ ᠭᠦᠢᠴᠡᠳ ᠪᠡᠯᠡᠳᠬᠡᠵᠦ᠂ ︽ᠡᠷᠲᠡ ᠤᠨᠲᠠᠷᠠᠭᠠᠬᠤ᠂ ᠪᠠᠭ᠎ᠠ ᠳᠤᠨᠢ ᠤᠨᠲᠠᠷᠠᠭᠠᠬᠤ᠂ | ᠤᠨᠲᠠᠷᠠᠭᠠᠵᠤ ᠳᠡᠶᠢᠯᠭᠦ︾ ᠶᠢ ᠪᠠᠲᠤᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠰᠠᠶᠢᠲᠤᠷ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | |