ᠴᠣᠬᠠᠠᠭᠤᠯᠠ ᠰᠤᠮᠤᠨ ᠤ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ  ᠶᠡᠭᠡ  ᠬᠤᠷᠠᠯ ᠤᠨ  ᠳᠥᠷᠪᠡᠳᠦᠭᠡᠷ  ᠤᠳᠠᠭᠠᠨ ᠤ  ᠬᠤᠷᠠᠯᠳᠤᠭᠠᠨ ᠤ  ᠮᠡᠳᠡᠭᠳᠡᠯ
ᠨᠡᠶᠢᠲᠡᠯᠡᠭᠰᠡᠨ ᠴᠠᠭ᠄
2024/3/15
ᠡᠯ᠎ᠡ ᠲᠥᠯᠥᠭᠡᠯᠡᠭᠴᠢᠳ᠂ ᠡᠯ᠎ᠡ ᠭᠠᠴᠠᠭ᠎ᠠ᠂ ᠰᠠᠭᠤᠭᠠᠯᠢ ᠠᠷᠠᠳ ᠤᠨ ᠵᠥᠪᠯᠡᠯ᠂ ᠡᠯ᠎ᠡ ᠥᠷᠲᠡᠭᠡ ᠰᠠᠯᠪᠤᠷᠢ  ᠳᠤ᠄      ᠰᠤᠮᠤᠨ ᠤ ᠨᠠᠮ ᠤᠨ ᠬᠤᠷᠢᠶ᠎ᠠ ᠠᠴᠠ 2024 ᠣᠨ ᠤ 3 ᠰᠠᠷ᠎ᠠ ᠶᠢᠨ 20᠎ ᠤ ᠡᠳᠦᠷ ᠠᠴᠠ 3 ᠰᠠᠷ᠎ᠠ ᠶᠢᠨ 21᠎ ᠤ ᠡᠳᠦᠷ ᠪᠣᠯᠲᠠᠯ᠎ᠠ ᠴᠣᠬᠠᠠᠭᠤᠯᠠ ᠰᠤᠮᠤᠨ ᠤ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠢ ᠬᠤᠷᠠᠯᠳᠤᠭᠤᠯᠬᠤ ᠪᠠᠷ ᠶᠠᠷᠢᠯᠴᠠᠨ ᠲᠣᠭᠲᠠᠪᠠ᠂ ᠬᠤᠷᠠᠯ ᠤᠨ ᠬᠤᠭᠤᠴᠠᠭ᠎ᠠ ᠨᠢ ᠬᠤᠶᠠᠷ ᠡᠳᠦᠷ᠂ ᠡᠳᠦᠭᠡ ᠬᠤᠯᠪᠣᠭᠳᠠᠯ ᠪᠦᠬᠦᠢ ᠤᠴᠢᠷ ᠢ ᠮᠡᠳᠡᠭᠳᠡᠶ᠎ᠡ᠄      ᠨᠢᠭᠡ᠂ ᠬᠤᠷᠠᠯ ᠤᠨ ᠴᠠᠭ᠄ 2024 ᠣᠨ ᠤ 3 ᠰᠠᠷ᠎ᠠ ᠶᠢᠨ 20᠎ ᠤ ᠡᠳᠦᠷ ᠠᠴᠠ 3 ᠰᠠᠷ᠎ᠠ ᠶᠢᠨ 21᠎ ᠤ ᠡᠳᠦᠷ ᠪᠣᠯᠲᠠᠯ᠎ᠠ      ᠬᠤᠶᠠᠷ᠂ ᠬᠤᠷᠠᠯ ᠤᠨ ᠭᠠᠵᠠᠷ᠄ ᠶᠤᠸᠠᠨ ᠾᠧ ᠵᠢᠶᠠᠨ ᠭᠦᠸᠧ ᠵᠣᠴᠢᠳ ᠤᠨ ᠪᠠᠭᠤᠳᠠᠯ ᠤᠨ ᠬᠤᠷᠠᠯ ᠤᠨ ᠭᠡᠷ      ᠭᠤᠷᠪᠠ᠂ ᠬᠤᠷᠠᠯᠳᠤᠭᠠᠨ ᠤ ᠵᠥᠪᠯᠡᠬᠦ ᠵᠦᠢᠯ᠄     ︵ᠨᠢᠭᠡ︶ ᠴᠣᠬᠠᠠᠭᠤᠯᠠ ᠰᠤᠮᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠴᠤ ᠬᠢᠨᠠᠨ ᠵᠥᠪᠯᠡᠨ᠎ᠡ︔     ︵ᠬᠤᠶᠠᠷ︶ ᠴᠣᠬᠠᠠᠭᠤᠯᠠ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ ᠢ ᠰᠣᠨᠣᠰᠴᠤ ᠬᠢᠨᠠᠨ ᠵᠥᠪᠯᠡᠨ᠎ᠡ︔     ︵ᠭᠤᠷᠪᠠ︶ ᠴᠣᠬᠠᠠᠭᠤᠯᠠ ᠰᠤᠮᠤᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠨ ᠲᠥᠷᠥᠯ ᠵᠦᠢᠯ ᠢ ᠪᠢᠯᠧᠲ ᠥᠭᠴᠦ  ᠰᠤᠩᠭᠤᠨ᠎ᠠ︔     ︵ᠳᠥᠷᠪᠡ︶ ᠴᠣᠬᠠᠠᠭᠤᠯᠠ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ 1 ᠨᠡᠷ᠎ᠡ  ᠂ ᠵᠠᠰᠠᠭ ᠤᠨ ᠣᠷᠳᠣᠨ ᠤ ᠳᠡᠳ᠋ ᠰᠤᠮᠤᠨ ᠳᠠᠷᠤᠭ᠎ᠠ 2  ᠨᠡᠷ᠎ᠡ ᠰᠣᠩᠭᠤᠨ᠎ᠠ᠃      ᠳᠥᠷᠪᠡ᠂ ᠬᠤᠷᠠᠯ ᠳᠤ ᠤᠷᠤᠯᠴᠠᠭᠰᠠᠳ ᠵᠢᠴᠢ ᠰᠤᠯᠠ ᠤᠷᠤᠯᠴᠠᠭᠰᠠᠳ     ︵ᠨᠢᠭᠡ︶ ᠴᠣᠬᠠᠠᠭᠤᠯᠠ ᠰᠤᠮᠤᠨ ᠤ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠲᠦᠯᠦᠭᠡᠯᠡᠭᠴᠢᠳ ᠬᠤᠷᠠᠯ ᠳᠤ ᠤᠷᠤᠯᠴᠠᠨ᠎ᠠ᠃     ︵ᠬᠤᠶᠠᠷ︶  ᠰᠤᠮᠤᠨ ᠤ ᠤᠳᠤᠷᠢᠳᠬᠤ ᠪᠠᠭ ᠤᠨ ᠲᠥᠯᠥᠭᠡᠯᠡᠭᠴᠢ ᠪᠤᠰᠤ ᠪᠦᠷᠢᠯᠳᠦᠭᠦᠨ ᠵᠢᠴᠢ ᠬᠠᠷᠢᠶ᠎ᠠ ᠣᠷᠣᠨ ᠤ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠪᠠᠶᠢᠭᠤᠯᠭ᠎ᠠ᠂ ᠴᠠᠬᠢᠯᠭᠠᠨ ᠬᠠᠩᠭᠠᠬᠤ ᠭᠠᠵᠠᠷ᠂ ᠭᠠᠵᠠᠷ ᠰᠢᠷᠣᠢ ᠶᠢᠨ ᠰᠠᠯᠪᠤᠷᠢ᠂ ᠡᠷᠡᠭᠦᠯ ᠬᠠᠮᠠᠭᠠᠯᠠᠯ ᠤᠨ ᠬᠤᠷᠢᠶ᠎ᠠ᠂ ᠬᠡᠦᠬᠡᠳ ᠤᠨ ᠴᠡᠴᠡᠷᠯᠢᠭ ᠵᠡᠷᠭᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠡᠯ᠎ᠡ ᠭᠠᠴᠠᠭᠠᠨ ᠤ ︽ᠨᠢᠭᠡᠳᠦᠭᠡᠷ ᠱᠦᠵᠢ︾ ᠬᠤᠷᠠᠯ ᠳᠤ ᠰᠤᠯᠠ ᠤᠷᠤᠯᠴᠠᠨ᠎ᠠ᠃      ᠲᠠᠪᠤ᠂ ᠬᠤᠷᠠᠯ ᠳᠤ ᠨᠡᠷ᠎ᠡ ᠮᠡᠳᠡᠭᠦᠯᠭᠦ ᠴᠠᠭ ᠵᠢᠴᠢ ᠭᠠᠵᠠᠷ      ᠬᠤᠷᠠᠯ ᠳᠤ ᠣᠷᠣᠯᠴᠠᠭᠰᠠᠳ 2024 ᠣᠨ ᠤ 3 ᠰᠠᠷ᠎ᠠ ᠶᠢᠨ 20᠎ ᠤ ᠡᠳᠦᠷ ᠤᠨ ᠦᠳᠡ ᠶᠢᠨ ᠬᠤᠶᠢᠨᠠᠬᠢ 13᠄ 00᠎ ᠠᠴᠠ 14᠄ 30 ᠪᠣᠯᠲᠠᠯ᠎ᠠ ᠶᠤᠸᠠᠨ ᠾᠧ ᠵᠢᠶᠠᠨ ᠭᠦᠸᠧ ᠵᠣᠴᠢᠳ ᠤᠨ ᠪᠠᠭᠤᠳᠠᠯ ᠤᠨ ᠶᠡᠭᠡ ᠲᠢᠩᠬᠢᠮ ᠳᠤ ᠨᠡᠷ᠎ᠡ ᠮᠡᠳᠡᠭᠦᠯᠬᠦ ᠶᠢᠨ ᠬᠠᠮᠲᠤ ᠬᠤᠷᠠᠯ ᠤᠨ ᠮᠠᠲ᠋ᠧᠷᠢᠶᠠᠯ ᠢᠶᠠᠨ  ᠠᠪᠤᠨ᠎ᠠ᠃      ᠵᠢᠷᠭᠤᠭ᠎ᠠ᠂ ᠬᠤᠯᠪᠣᠭᠳᠠᠯ ᠪᠦᠬᠦᠢ ᠱᠠᠭᠠᠷᠳᠠᠯᠭ᠎ᠠ     ︵ᠨᠢᠭᠡ︶ ᠬᠤᠷᠠᠯ ᠳᠤ ᠣᠷᠣᠯᠴᠠᠭᠰᠠᠳ ᠬᠤᠷᠠᠯ ᠳᠤ ᠣᠷᠣᠯᠴᠠᠬᠤ ᠳᠠᠭᠠᠨ ᠲᠥᠪ ᠬᠤᠪᠴᠠᠰᠤ᠂ ᠳᠦᠷᠢᠮᠲᠦ ᠬᠤᠪᠴᠠᠰᠤ ᠪᠤᠶᠤ ᠦᠨᠳᠦᠰᠦᠲᠡᠨ ᠤ ᠬᠤᠪᠴᠠᠰᠤ ᠪᠠᠨ ᠡᠮᠦᠰᠴᠦ᠂ ᠨᠢᠭᠡᠳᠦᠯᠲᠡᠢ ᠬᠤᠷᠠᠯ ᠤᠨ ᠦᠨᠡᠮᠯᠡᠯ ᠢᠶᠠᠨ ᠵᠡᠭᠦᠵᠦ᠂ ᠬᠤᠷᠠᠯ ᠠᠴᠠ 15 ᠮᠢᠨᠦ᠋ᠲ ᠤᠨ ᠡᠮᠦᠨ᠎ᠡ ᠬᠤᠷᠠᠯ ᠶᠢᠨ ᠭᠡᠷ ᠲᠤ ᠣᠷᠣᠬᠤ ᠬᠡᠷᠡᠭᠲᠠᠢ᠂ ᠰᠠᠭᠤᠳᠠᠯ ᠤᠨ ᠳ᠋ᠤᠭᠠᠷ ᠢᠶᠠᠷ ᠢᠶᠠᠨ ᠰᠠᠭᠤᠳᠠᠯ ᠳᠤ  ᠎ ᠪᠠᠨ ᠰᠠᠭᠤᠨ᠎ᠠ᠃ ᠨᠠᠮ ᠤᠨ ᠭᠡᠰᠢᠭᠦᠨ ᠡᠷᠬᠡᠪᠰᠢ ᠨᠠᠮ ᠤᠨ ᠰᠦᠯᠳᠡ ᠪᠠᠨ ᠵᠡᠭᠦᠬᠦ ᠬᠡᠷᠡᠭᠲᠡᠢ᠃     ︵ᠬᠤᠶᠠᠷ︶ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ  ᠴᠢᠩᠭ᠎ᠠ ᠰᠠᠬᠢᠬᠤ ᠬᠡᠷᠡᠭᠲᠠᠢ᠃  ᠬᠤᠷᠠᠯ ᠎ ᠶᠢᠨ ᠬᠤᠭᠤᠴᠠᠭᠠᠨ ᠳᠤ ᠲᠥᠯᠥᠭᠡᠯᠡᠭᠴᠢᠳ ᠤᠨ ᠬᠤᠭᠤᠯᠠ᠂ ᠬᠤᠨᠤᠭ ᠢ ᠨᠢᠭᠡᠳᠦᠯᠲᠡᠢ ᠲᠣᠬᠢᠷᠠᠭᠤᠯᠤᠨ᠎ᠠ᠂ ᠳᠤᠷ᠎ᠠ ᠪᠠᠷ ᠢᠶᠠᠨ ᠭᠠᠳᠠᠭᠰᠢ ᠭᠠᠷᠴᠤ ᠪᠣᠯᠬᠤ ᠦᠭᠡᠢ᠂ ᠬᠤᠷᠠᠯ ᠲᠠᠢ ᠬᠤᠯᠪᠣᠭᠳᠠᠯ ᠦᠭᠡᠢ ᠪᠤᠰᠤᠳ ᠠᠵᠢᠯᠯᠠᠭ᠎ᠠ ᠳᠤ ᠣᠷᠣᠯᠴᠠᠵᠤ ᠪᠣᠯᠬᠤ ᠦᠭᠡᠢ᠃ ᠬᠤᠷᠠᠯ ᠳᠤ ᠤᠷᠤᠯᠴᠠᠬᠤ ᠲᠥᠯᠥᠭᠡᠯᠡᠭᠴᠢᠳ ᠵᠢᠯᠣᠭᠤᠳᠤᠯᠭ᠎ᠠ ᠶᠢ ᠲᠠᠭᠠᠵᠦ ᠴᠠᠭ ᠲᠤᠬᠠᠢ ᠳᠤᠨᠢ ᠶᠡᠭᠡ ᠬᠤᠷᠠᠯ ᠪᠣᠯᠣᠨ ᠳᠤᠭᠤᠶᠢᠯᠠᠩ ᠬᠤᠪᠢᠶᠠᠨ ᠶᠠᠷᠢᠯᠴᠠᠬᠤ ᠳᠤ ᠣᠷᠣᠯᠴᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠣᠨ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠰᠠᠬᠢᠵᠤ᠂ ᠰᠣᠩᠭᠤᠭᠤᠯᠢ ᠶᠢᠨ ᠶᠠᠪᠤᠴᠠ ᠶᠢᠨ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠵᠤ᠂ ᠰᠣᠩᠭᠤᠭᠤᠯᠢ ᠶᠢᠨ ᠦᠷ᠎ᠡ ᠳ᠋ᠦᠩ ᠳᠤ ᠤᠯᠠᠨ ᠲᠦᠮᠡᠨ ᠤ ᠬᠦᠰᠡᠯ ᠰᠠᠨᠠᠭ᠎ᠠ ᠶᠢ ᠦᠨᠡᠨ ᠪᠣᠳᠠᠲᠠᠢ ᠪᠠᠷ ᠲᠤᠰᠬᠠᠬᠤ ᠬᠡᠷᠡᠭᠲᠡᠢ᠃ ᠬᠤᠷᠠᠯ ᠬᠢᠬᠦ ᠦᠶ᠎ᠡ ᠳᠤ ᠭᠠᠷ ᠤᠲᠠᠰᠤ ᠪᠠᠨ ᠬᠠᠭᠠᠬᠤ ᠪᠤᠶᠤ ᠳᠠᠭᠤ ᠦᠭᠡᠢ ᠪᠠᠶᠢᠳᠠᠯ ᠢ ᠲᠣᠬᠢᠷᠠᠭᠤᠯᠤᠨ᠎ᠠ᠃      ︵ᠭᠤᠷᠪᠠ︶ ᠲᠥᠯᠥᠭᠡᠯᠡᠭᠴᠢᠳ ᠪᠠ ᠬᠤᠷᠠᠯ ᠳᠤ ᠣᠷᠣᠯᠴᠠᠭᠰᠠᠳ ᠶᠡᠭᠡ ᠬᠤᠷᠠᠯ ᠤᠨ ᠨᠢᠭᠤᠴᠠ ᠶᠢ ᠴᠢᠩᠭ᠎ᠠ ᠬᠠᠮᠠᠭᠠᠯᠠᠵᠤ᠂ ᠬᠤᠪᠢ ᠬᠥᠮᠥᠨ ᠤ ᠭᠡᠷᠡᠴᠢ ᠦᠨᠡᠮᠯᠡᠯ᠂ ᠶᠡᠭᠡ ᠬᠤᠷᠠᠯ ᠤᠨ ᠪᠢᠴᠢᠭ ᠮᠠᠲ᠋ᠧᠷᠢᠶᠠᠯ ᠵᠢᠴᠢ ᠬᠤᠷᠠᠯ ᠤᠨ ᠪᠤᠰᠤᠳ ᠮᠠᠲ᠋ᠧᠷᠢᠶᠠᠯ ᠢ ᠰᠠᠶᠢᠲᠤᠷ ᠬᠠᠳᠠᠭᠠᠯᠠᠬᠤ ᠬᠡᠷᠡᠭᠲᠡᠢ᠂ ᠳᠤᠷ᠎ᠠ ᠪᠠᠷ ᠢᠶᠠᠨ ᠭᠠᠳᠠᠭᠰᠢ ᠭᠠᠷᠴᠤ ᠪᠣᠯᠬᠤ ᠦᠭᠡᠢ᠂ ᠶᠡᠭᠡ ᠬᠤᠷᠠᠯ ᠤᠨ ᠨᠡᠶᠢᠲᠡᠯᠡᠭᠡᠳᠦᠢ ᠪᠠᠶᠢᠳᠠᠯ ᠢ ᠭᠠᠳᠠᠭᠰᠢ ᠵᠠᠳᠠᠷᠠᠭᠤᠯᠵᠤ ᠪᠣᠯᠬᠤ ᠦᠭᠡᠢ᠃     ︵ᠳᠥᠷᠪᠡ︶ ᠲᠥᠯᠥᠭᠡᠯᠡᠭᠴᠢᠳ ᠵᠠᠷᠴᠢᠮ ᠳᠡᠭᠡᠷ᠎ᠡ ᠪᠠᠨ ᠴᠢᠯᠦᠭᠡ ᠭᠤᠶᠤᠵᠤ ᠤᠬᠳᠤ ᠪᠣᠯᠬᠤ ᠦᠭᠡᠢ᠃ ᠦᠨᠡᠬᠡᠷ  ᠤᠨᠴᠠᠭᠠᠢ ᠪᠠᠶᠢᠳᠠᠯ ᠠᠴᠠ ᠪᠣᠯᠵᠤ ᠬᠤᠷᠠᠯ ᠳᠤ ᠣᠷᠣᠯᠴᠠᠵᠤ ᠳᠡᠶᠢᠯᠬᠦ ᠦᠭᠡᠢ ᠪᠣᠯ ᠰᠤᠮᠤᠨ ᠤ ᠭᠤᠣᠯ ᠤᠳᠤᠷᠢᠳᠤᠯᠭ᠎ᠠ ᠠᠴᠠ ᠤᠷᠢᠳᠴᠢᠯᠠᠨ ᠴᠢᠯᠦᠭᠡ ᠭᠤᠶᠤᠬᠤ ᠶᠢᠨ ᠬᠠᠮᠲᠤ ᠴᠢᠯᠦᠭᠡ ᠭᠤᠶᠤᠬᠤ ᠭᠠᠷ ᠭᠦᠢᠴᠡᠳᠬᠡᠯ ᠢ ᠭᠦᠢᠴᠡᠳᠬᠡᠨ᠎ᠡ᠃               ᠴᠣᠬᠠᠠᠭᠤᠯᠠ ᠰᠤᠮᠤᠨ ᠤ ᠠᠷᠠᠳ ᠤᠨ ᠲᠥᠯᠥᠭᠡᠯᠡᠭᠴᠢᠳ ᠤᠨ                ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠬᠦᠮ                     2024 ᠣᠨ ᠤ 3 ᠰᠠᠷ᠎ᠠ ᠶᠢᠨ 13
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号