ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠪᠣᠯᠪᠠᠰᠤᠨ ᠪᠠᠭᠠᠴᠤᠳ ᠪᠣᠯᠬᠤ ᠪᠠᠷ ᠴᠢᠷᠮᠠᠶᠢᠬᠤ ᠰᠢᠯᠢ ᠶᠢᠨ ᠬᠤᠲᠠ ᠶᠢᠨ ︽ᠯᠧᠢ ᠹᠧᠩ ᠠᠴᠠ ᠰᠣᠷᠣᠯᠴᠠᠵᠣ · ᠪᠣᠯᠪᠠᠰᠤᠨ ᠢ ᠦᠢᠯᠡᠳᠦᠯᠭᠡᠵᠢᠭᠦᠯᠬᠦ ᠠᠵᠢᠯᠯᠠᠭ᠎ᠠ︾ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/3/15
     ᠯᠧᠢ ᠹᠧᠩ ᠤᠨ ᠵᠣᠷᠢᠭ ᠰᠠᠨᠠᠭ᠎ᠠ ᠦᠶ᠎ᠡ  ᠎ ᠶᠢᠨ ᠦᠶ᠎ᠡ ᠳᠤ ᠤᠯᠠᠮᠵᠢᠯᠠᠭᠳᠠᠨ᠎ᠠ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ  ᠎ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠥᠷᠨᠢᠭᠦᠯᠵᠦ᠂ ᠯᠧᠢ ᠹᠧᠩ ᠤᠨ ᠵᠣᠷᠢᠭ ᠰᠠᠨᠠᠭ᠎ᠠ  ᠎ ᠶᠢ ᠶᠡᠭᠡ ᠪᠠᠷ ᠪᠠᠳᠠᠷᠠᠭᠤᠯᠬᠤ ᠶᠢᠨ ᠲᠥᠯᠥᠭᠡ᠂ 3 ᠰᠠᠷ᠎ᠠ  ᠎ ᠶᠢᠨ 5᠎ ᠤ ᠡᠳᠦᠷ ︽ᠯᠧᠢ ᠹᠧᠩ  ᠎ ᠠᠴᠠ ᠰᠤᠷᠤᠯᠴᠠᠵᠤ᠂ ᠪᠣᠯᠪᠠᠰᠤᠨ ᠎ ᠢ ᠦᠢᠯᠡᠳᠦᠯᠭᠡᠵᠢᠭᠦᠯᠬᠦ ᠠᠵᠢᠯᠯᠠᠭ᠎ᠠ︾ ᠭᠡᠬᠦ ᠭᠤᠣᠯ ᠰᠡᠳᠦᠪᠲᠦ ᠠᠵᠢᠯᠯᠠᠭ᠎ᠠ  ᠎ ᠶᠢ ᠰᠢᠯᠢ ᠶᠢᠨ ᠬᠤᠲᠠ ᠶᠢᠨ ᠲᠠᠪᠤᠳᠤᠭᠠᠷ ᠪᠠᠭ᠎ᠠ ᠰᠤᠷᠭᠠᠭᠤᠯᠢ ᠳᠤ ᠵᠢᠩᠬᠢᠨᠢ ᠪᠠᠷ ᠡᠬᠢᠯᠡᠭᠦᠯᠪᠡ᠃
     ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠭᠦᠯᠬᠦ ᠦᠢᠯᠡᠴᠢᠯᠡᠭᠡᠨ ᠤ ᠲᠥᠪ ᠬᠠᠮᠲᠤᠷᠠᠨ ︽ᠯᠧᠢ ᠹᠧᠩ ᠤᠨ ᠵᠣᠷᠢᠭ ᠰᠠᠨᠠᠭ᠎ᠠ ᠦᠰᠦᠨ ᠪᠤᠶᠢᠵᠢᠯᠲᠠ ᠳᠤ ᠬᠠᠨᠢ ᠪᠣᠯᠬᠤ︾ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾᠎ ᠪᠠᠷ ᠭᠤᠣᠯ ᠠᠭᠤᠯᠭ᠎ᠠ ᠪᠣᠯᠭᠠᠭᠰᠠᠨ ᠭᠤᠣᠯ ᠰᠡᠳᠦᠪᠲᠦ ᠵᠣᠬᠢᠶᠠᠯ ᠡᠯᠰᠡᠬᠦ ᠠᠵᠢᠯᠯᠠᠭ᠎ᠠ ᠶᠢ ᠨᠡᠶᠢᠲᠡᠯᠡᠵᠦ᠂ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ  ᠪᠣᠯᠪᠠᠰᠤᠨ ᠢ ᠦᠢᠯᠡᠳᠦᠯᠭᠡᠵᠢᠭᠦᠯᠬᠦ ᠳᠤ ᠢᠳᠡᠪᠬᠢᠲᠡᠢ ᠣᠷᠣᠯᠴᠠᠵᠤ᠂ ᠯᠧᠢ ᠹᠧᠩ ᠤᠨ ᠵᠣᠷᠢᠭ ᠰᠠᠨᠠᠭᠠᠨ ᠤ ᠵᠠᠯᠭᠠᠮᠵᠢᠯᠠᠭᠴᠢ ᠪᠣᠯᠬᠤ ᠪᠠᠷ ᠴᠢᠷᠮᠠᠶᠢᠬᠤ ᠶᠢ ᠵᠣᠷᠢᠭᠵᠢᠭᠤᠯᠪᠠ᠃
     ᠠᠵᠢᠯᠯᠠᠭ᠎ᠠ  ᠎ ᠶᠢᠨ ᠳᠤᠮᠳᠠ ᠲᠠᠪᠤᠳᠤᠭᠠᠷ ᠪᠠᠭ᠎ᠠ ᠰᠤᠷᠭᠠᠭᠤᠯᠢ  ᠎ ᠶᠢᠨ ᠰᠤᠷᠤᠭᠴᠢᠳ ︽ᠯᠧᠢ ᠹᠧᠩ᠂ ᠮᠥᠩᠬᠡ  ᠎ ᠶᠢᠨ ᠣᠶᠤᠨ ᠰᠠᠨᠠᠭᠠᠨ ᠤ ᠲᠤᠭ︾᠎ ᠢ ᠤᠶᠠᠩᠭᠠᠯᠠᠨ ᠤᠩᠰᠢᠬᠤ᠂ ︽ᠯᠧᠢ ᠹᠧᠩ ᠤᠨ ᠰᠠᠶᠢᠨ ᠳᠠᠭᠤᠷᠢᠶᠠᠯ ᠠᠴᠠ ᠰᠤᠷᠤᠯᠴᠠᠬᠤ︾ ᠎ ᠶᠢ ᠬᠠᠮᠳᠣᠷᠠᠨ ᠲᠠᠭᠤᠯᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠯᠧᠢ ᠹᠧᠩ ᠤᠨ ᠰᠡᠳᠬᠢᠯ ᠬᠥᠳᠡᠯᠭᠡᠮ᠎ᠡ ᠦᠯᠢᠭᠡᠷ  ᠎ ᠢ ᠤᠯᠠᠮ ᠨᠢᠭᠡ ᠠᠯᠬᠤᠮ ᠣᠶᠢᠯᠠᠭᠠᠵᠤ᠂ ᠯᠧᠢ ᠹᠧᠩ ᠤᠨ ᠵᠣᠷᠢᠭ ᠰᠠᠨᠠᠭ᠎ᠠ  ᠎ ᠶᠢ ᠡᠳᠦᠷ ᠲᠤᠲᠤᠮ ᠤᠨ ᠦᠢᠯᠡ ᠠᠵᠢᠯᠯᠠᠭᠠᠨ ᠤ ᠳᠦᠷᠢᠮᠵᠢᠯ ᠳᠤ ᠨᠠᠶᠢᠳᠠᠪᠤᠷᠢᠵᠢᠭᠤᠯᠤᠨ᠂ ᠳᠡᠷᠭᠡᠳᠡᠬᠢ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠯᠧᠢ ᠹᠧᠩ ᠤᠨ ᠵᠣᠷᠢᠭ ᠰᠠᠨᠠᠭ᠎ᠠ  ᠎ ᠶᠢ ᠪᠠᠳᠠᠷᠠᠭᠤᠯᠵᠠᠢ᠃      ︽ᠥᠩᠭᠡᠷᠡᠭᠰᠡᠨ ᠳᠤ ᠮᠢᠨᠤ ᠦᠵᠡᠵᠦ ᠥᠩᠭᠡᠷᠡᠭᠰᠡᠨ ᠨᠣᠮ ᠮᠠᠰᠢ ᠤᠯᠠᠨ ᠪᠣᠯᠪᠠᠴᠤ ᠯᠧᠢ ᠹᠧᠩ ᠢ ᠪᠢᠴᠢᠭᠰᠡᠨ ᠡᠨᠡ ᠨᠣᠮ ᠮᠢᠨᠤ ᠪᠠᠭ᠎ᠠ ᠠᠴᠠ ᠪᠠᠨ ᠦᠵᠡᠭᠰᠡᠨ ᠨᠣᠮ ᠤᠨ ᠲᠣᠳᠣᠷᠠᠬᠢ ᠬᠠᠮᠤᠭ ᠰᠠᠶᠢᠨ ᠨᠣᠮ ᠪᠣᠯᠣᠨ᠎ᠠ᠃ ᠯᠧᠢ ᠹᠧᠩ ᠪᠤᠰᠤᠳ ᠢ ᠬᠠᠪᠰᠤᠷᠬᠤ ᠳᠤᠷᠠᠲᠠᠢ᠂  ᠰᠠᠶᠢᠨ ᠶᠠᠪᠤᠳᠠᠯ ᠬᠢᠭᠰᠡᠨ ᠴᠦ ᠨᠡᠷ᠎ᠡ ᠪᠠᠨ ᠦᠯᠡᠳᠡᠭᠡᠬᠦ ᠦᠭᠡᠢ᠂ ᠡᠭᠦᠨ ᠠᠴᠠ ᠬᠤᠶᠢᠰᠢ ᠪᠢ ᠲᠡᠭᠦᠨ ᠤ ᠰᠠᠶᠢᠨ ᠶᠠᠪᠤᠳᠠᠯ  ᠬᠢᠭᠰᠡᠨ ᠴᠦ ᠨᠡᠷ᠎ᠡ ᠪᠠᠨ ᠦᠯᠡᠳᠡᠭᠡᠬᠦ ᠦᠭᠡᠢ᠂ ᠣᠯᠠᠨ ᠰᠠᠶᠢᠨ ᠶᠠᠪᠤᠳᠠᠯ ᠬᠢᠬᠦ ᠶᠢ ᠰᠣᠷᠣᠨ᠎ᠠ᠃ ᠬᠤᠶᠢᠰᠢᠳᠠ  ᠎ ᠶᠢᠨ ᠰᠤᠷᠤᠯᠴᠠᠯᠭ᠎ᠠ ᠳᠤᠮᠳᠠ ᠪᠠᠨ ᠪᠢ ᠵᠠᠪᠠᠯ ᠯᠧᠢ ᠹᠧᠩ ᠤᠨ ᠵᠣᠷᠢᠭ ᠰᠠᠨᠠᠭ᠎ᠠ  ᠎ ᠶᠢ ᠰᠤᠷᠤᠯᠴᠠᠵᠤ᠂ ᠯᠧᠢ ᠹᠧᠩ ᠤᠨ ᠵᠣᠷᠢᠭ ᠰᠠᠨᠠᠭ᠎ᠠ  ᠎ ᠶᠢ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ  ᠎ ᠶᠢᠨ  ᠪᠠᠭᠠᠴᠤᠳ ᠪᠣᠯᠣᠨ᠎ᠠ᠃︾ ᠲᠠᠪᠤᠳᠤᠭᠠᠷ ᠪᠠᠭ᠎ᠠ ᠰᠤᠷᠭᠠᠭᠤᠯᠢ ᠶᠢᠨ ᠭᠤᠷᠪᠠᠨ ᠣᠨ ᠤ ᠬᠤᠶᠠᠳᠤᠭᠠᠷ ᠠᠩᠭᠢ ᠶᠢᠨ ᠰᠤᠷᠤᠭᠴᠢ  ᠠᠩᠬᠢᠷᠬᠤᠨ ᠢᠩᠬᠢᠵᠦ ᠬᠡᠯᠡᠯ᠎ᠡ᠃
     ᠵᠠᠯᠭᠠᠭᠠᠳ᠂ ᠠᠯᠳᠠᠷᠲᠤ ᠬᠡᠦᠬᠡᠳ ᠤᠨ ᠤᠳᠬ᠎ᠠ ᠵᠣᠬᠢᠶᠠᠯᠴᠢ᠂ ︽ᠪᠢᠴᠢᠬᠠᠨ ᠯᠧᠢ ᠹᠧᠩ ᠤᠨ ᠥᠰᠴᠦ ᠪᠣᠶᠢᠵᠢᠭᠰᠠᠨ ᠡᠳᠦᠷ ᠤᠨ ᠲᠡᠮᠳᠡᠭᠯᠡᠯ︾᠎ ᠤᠨ ᠵᠣᠬᠢᠶᠠᠭᠴᠢ ᠵᠣᠣ ᠵᠢᠩ ᠪᠠᠭᠰᠢ ᠲᠤᠬᠠᠢ  ᠎ ᠶᠢᠨ ᠲᠠᠯᠠᠪᠠᠶ ᠳᠠᠬᠢ ᠪᠠᠭᠰᠢ ᠰᠤᠷᠤᠭᠴᠢᠳ ᠲᠤ ︽ ᠯᠧᠢ ᠹᠧᠩ ᠤᠨ ᠵᠣᠷᠢᠭ ᠰᠠᠨᠠᠭ᠎ᠠ ᠦᠰᠦᠨ ᠪᠤᠶᠢᠵᠢᠯᠲᠠ ᠳᠤ ᠬᠠᠨᠢ ᠪᠣᠯᠬᠤ︾ ᠭᠡᠬᠦ ᠭᠤᠣᠯ ᠰᠡᠳᠦᠪᠲᠦ ᠨᠡᠶᠢᠲᠡ  ᠎ ᠶᠢᠨ ᠠᠰᠠᠷᠠᠮᠵᠢ  ᠎ ᠶᠢᠨ ᠲᠠᠶᠢᠯᠤᠮᠵᠢ ᠬᠢᠪᠡ᠃ ᠵᠣᠣ ᠵᠢᠩ ᠪᠠᠭᠰᠢ ᠯᠧᠢ ᠹᠧᠩ ᠤᠨ ᠵᠣᠷᠢᠭ ᠰᠠᠨᠠᠭ᠎ᠠ ᠰᠢᠨ᠎ᠡ ᠴᠠᠭ ᠦᠶ᠎ᠡ ᠳᠤ ᠨᠠᠩ ᠬᠡᠷᠡᠯ ᠰᠠᠴᠤᠷᠠᠩᠭᠤᠢ ᠬᠡᠷᠡᠯ ᠭᠢᠯᠪᠠᠭ᠎ᠠ ᠰᠠᠴᠣᠷᠠᠭᠤᠯᠬᠤ ᠪᠠ ᠯᠧᠢ ᠹᠧᠩ  ᠎ ᠠᠴᠠ ᠰᠤᠷᠤᠯᠴᠠᠬᠤ ᠠᠵᠢᠯᠯᠠᠭ᠎ᠠ  ᠎ ᠶᠢ ᠡᠳᠦᠷ ᠲᠤᠲᠤᠮ ᠤᠨ ᠠᠵᠢᠯᠯᠠᠭ᠎ᠠ ᠳᠤ ᠠᠭᠤᠰᠣᠯᠴᠠᠭᠤᠯᠬᠤ ᠬᠤᠶᠠᠷ ᠲᠠᠯ᠎ᠠ ᠠᠴᠠ ᠯᠧᠢ ᠹᠧᠩ ᠤᠨ ᠵᠣᠷᠢᠭ ᠰᠠᠨᠠᠭ᠎ᠠ ᠳᠤ ᠲᠠᠶᠢᠯᠪᠤᠷᠢᠯᠠᠯᠲᠠ ᠬᠢᠵᠦ᠂ ᠰᠤᠷᠤᠭᠴᠢᠳ ᠲᠤ ᠯᠧᠢ ᠹᠧᠩ ᠤᠨ ᠵᠣᠷᠢᠭ ᠰᠠᠨᠠᠭ᠎ᠠ  ᠎ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠰᠤᠷᠤᠭᠴᠢᠳ ᠲᠤ ᠳᠡᠷᠭᠡᠳᠡᠬᠢ ᠪᠠᠭ᠎ᠠ ᠶᠠᠪᠤᠳᠠᠯ  ᠎ ᠠᠴᠠ ᠡᠬᠢᠯᠡᠨ ᠬᠢᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠯᠧᠢ ᠹᠧᠩ ᠤᠨ ᠵᠣᠷᠢᠭ ᠰᠠᠨᠠᠭ᠎ᠠ  ᠎ ᠶᠢ  ᠦᠢᠯᠡᠳᠦᠯᠭᠡᠵᠢᠭᠦᠯᠬᠦ ᠶᠢ ᠬᠥᠳᠦᠯᠦᠨ ᠵᠢᠯᠣᠭᠤᠳᠪᠠ᠃
     ᠡᠭᠦᠨ ᠤ ᠬᠠᠮᠲᠤ᠂ ᠵᠣᠣ ᠵᠢᠩ ᠪᠠᠭᠰᠢ ᠪᠠᠰᠠ ᠶᠠᠭᠤᠨ ᠤ ᠤᠴᠢᠷ  ᠎ ᠠᠴᠠ ᠡᠳᠦᠷ ᠤᠨ ᠲᠡᠮᠳᠡᠭᠯᠡᠯ ᠪᠢᠴᠢᠬᠦ ᠵᠢᠴᠢ ᠥᠪᠡᠷ ᠤᠨ ᠪᠡᠶ᠎ᠡ ᠳᠤ ᠬᠠᠷᠢᠶᠠᠯᠠᠭᠳᠠᠬᠤ ︽ᠪᠢᠴᠢᠬᠠᠨ ᠯᠧᠢ ᠹᠧᠩ ᠤᠨ ᠦᠰᠦᠨ ᠪᠣᠶᠢᠵᠢᠭᠰᠠᠨ ᠡᠳᠦᠷ ᠤᠨ ᠲᠡᠮᠳᠡᠭᠯᠡᠯ︾  ᠎ ᠢ ᠬᠡᠷᠬᠢᠨ ᠪᠢᠴᠢᠬᠦ ᠲᠤᠬᠠᠢ ᠬᠤᠶᠠᠷ ᠲᠠᠯ᠎ᠠ ᠪᠠᠷ ᠨᠠᠷᠢᠨ ᠲᠣᠳᠣᠷᠬᠠᠶᠢᠯᠠᠨ ᠶᠠᠷᠢᠵᠣ᠂ ᠰᠤᠷᠤᠭᠴᠢᠳ  ᠎ ᠢ ᠬᠠᠪᠰᠤᠷᠤᠨ ︽ᠯᠧᠢ ᠹᠧᠩ  ᠎ ᠢ ᠤᠩᠰᠢᠵᠤ᠂ ᠯᠧᠢ ᠹᠧᠩ  ᠎ ᠢ ᠮᠡᠳᠡᠵᠦ᠂ ᠯᠧᠢ ᠹᠧᠩ  ᠎ ᠠᠴᠠ ᠰᠤᠷᠤᠯᠴᠠᠬᠤ︾ ᠶᠠᠪᠤᠴᠠ ᠳᠤ ᠤᠩᠰᠢᠯᠭ᠎ᠠ  ᠎ ᠶᠢᠨ ᠬᠢᠷᠢ ᠲᠦᠪᠰᠢᠨ  ᠎ ᠢ ᠳᠡᠭᠡᠭᠰᠢᠯᠡᠭᠦᠯᠵᠦ᠂ ᠵᠣᠬᠢᠶᠠᠨ ᠪᠢᠴᠢᠬᠦ ᠴᠢᠳᠠᠪᠤᠷᠢ  ᠎ ᠶᠢ ᠨᠢ ᠪᠣᠯᠪᠠᠰᠤᠷᠠᠭᠤᠯᠵᠠᠢ᠃
     ︽ᠥᠨᠥᠳᠥᠷ ᠤᠨ 3 ᠰᠠᠷ᠎ᠠ ᠶᠢᠨ 5᠎ ᠤ ᠡᠳᠦᠷ ᠪᠣᠯ ᠪᠦᠬᠦ ᠤᠯᠤᠰ ᠤᠨ ᠯᠧᠢ ᠹᠧᠩ ᠠᠴᠠ  ᠰᠣᠷᠣᠯᠴᠠᠬᠤ ᠳᠤᠷᠠᠰᠬᠠᠯ ᠤᠨ ᠡᠳᠦᠷ ᠪᠣᠯᠣᠨ᠎ᠠ᠂  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠭᠦᠨᠵᠡᠭᠡᠢ ᠤᠬᠠᠭᠤᠯᠤᠨ ᠰᠤᠷᠤᠯᠴᠠᠵᠤ ᠲᠤᠤᠱᠯᠠᠭᠤᠯᠬᠤ᠂ ᠯᠧᠢ ᠹᠧᠩ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ ᠵᠠᠯᠭᠠᠮᠵᠢᠯᠠᠵᠤ᠂ ᠮᠠᠨ ᠤ ᠬᠤᠲᠠ ᠶᠢᠨ ᠣᠶᠤᠨ ᠤ ᠪᠣᠯᠪᠠᠰᠤᠨ ᠤ ᠦᠢᠯᠡᠳᠦᠯᠭᠡ ᠎ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠥᠯᠦᠭᠡ᠂ ᠪᠢᠳᠡ ᠲᠠᠪᠣᠳᠣᠭᠠᠷ ᠪᠠᠭ᠎ᠠ ᠰᠤᠷᠭᠠᠭᠤᠯᠢ ᠳᠤ ᠯᠧᠢ ᠹᠧᠩ ᠠᠴᠠ ᠰᠤᠷᠤᠯᠴᠠᠬᠤ᠂ ᠪᠣᠯᠪᠠᠰᠤᠨ ᠢ ᠦᠢᠯᠡᠳᠦᠯᠭᠡᠵᠢᠭᠦᠯᠬᠦ ᠠᠵᠢᠯᠯᠠᠭ᠎ᠠ ᠶᠢᠨ ᠭᠤᠣᠯ ᠰᠡᠳᠦᠪᠲᠦ ᠠᠵᠢᠯᠯᠠᠭ᠎ᠠ ᠪᠠ ᠪᠦᠬᠦ ᠬᠤᠲᠠ ᠶᠢᠨ ᠬᠡᠪᠴᠢᠶᠡᠨ ᠳᠤ ᠵᠣᠬᠢᠶᠠᠯ ᠡᠯᠰᠡᠬᠦ ᠠᠵᠢᠯᠯᠠᠭ᠎ᠠ ᠶᠢ  ᠡᠷᠬᠢᠯᠡᠭᠰᠡᠨ ᠤ ᠵᠣᠷᠢᠯᠭ᠎ᠠ ᠨᠢ ᠰᠤᠷᠤᠭᠴᠢᠳ ᠢ ᠪᠠᠭ᠎ᠠ ᠠᠴᠠ ᠨᠢ ᠪᠠᠭ᠎ᠠ ᠶᠠᠪᠤᠳᠠᠯ ᠬᠢᠵᠦ ᠶᠡᠭᠡ ᠶᠠᠪᠤᠳᠠᠯ ᠪᠦᠲᠦᠭᠡᠬᠦ᠂ ᠪᠠᠭ᠎ᠠ ᠬᠠᠶᠢᠷ᠎ᠠ ᠪᠠᠷ ᠶᠡᠭᠡ ᠬᠠᠶᠢᠷ᠎ᠠ ᠶᠢ ᠬᠤᠷᠠᠮᠳᠤᠭᠤᠯᠬᠤ ᠣᠶᠢᠯᠠᠭᠠᠭᠳᠠᠬᠤᠨ ᠢ ᠪᠤᠶ ᠪᠣᠯᠭᠠᠬᠤ᠂ ᠳᠡᠷᠭᠡᠳᠡᠬᠢ ᠬᠠᠮᠤᠭ ᠤᠨ ᠡᠭᠡᠯ ᠵᠢᠷ ᠤᠨ ᠪᠠᠭ᠎ᠠ ᠶᠠᠪᠤᠳᠠᠯ ᠠᠴᠠ ᠡᠬᠢᠯᠡᠨ ᠯᠧᠢ ᠹᠧᠩ ᠠᠴᠠ ᠰᠤᠷᠤᠯᠴᠠᠬᠤ ᠶᠢᠨ ᠲᠥᠯᠥᠭᠡ ᠶᠤᠮ᠃
ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠭᠦᠯᠬᠦ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠶᠠᠨ ᠬᠤᠤ ᠬᠡᠯᠡᠪᠡ᠃      ᠲᠤᠰ ᠤᠳᠠᠭᠠᠨ ᠤ ᠪᠣᠯᠪᠠᠰᠤᠨ ᠢ ᠦᠢᠯᠡᠳᠦᠯᠭᠡᠵᠢᠭᠦᠯᠬᠦ ᠠᠵᠢᠯᠯᠠᠭ᠎ᠠ ᠨᠢ ᠯᠧᠢ ᠹᠧᠩ ᠨᠥᠬᠦᠷ ᠤᠨ ᠬᠥᠳᠡᠯᠮᠦᠷᠢ ᠶᠢ ᠬᠠᠶᠢᠷᠠᠯᠠᠬᠤ᠂ ᠪᠦᠯᠬᠦᠮᠳᠡᠨ ᠬᠠᠮᠵᠢᠯᠴᠠᠬᠤ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠲᠤᠤᠱᠯᠠᠭᠤᠯᠵᠤ᠂ ᠢᠳᠡᠪᠬᠢᠲᠡᠢ ᠪᠥᠭᠡᠳ ᠡᠷᠡᠭᠦᠯ ᠪᠣᠯᠪᠠᠰᠤᠨ ᠦᠢᠯᠡᠳᠦᠯᠭᠡ ᠶᠢᠨ ᠣᠷᠴᠢᠨ ᠨᠥᠬᠦᠴᠡᠯ ᠢ ᠪᠤᠶ ᠪᠣᠯᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ  ᠰᠢᠯᠢ ᠶᠢᠨ ᠬᠤᠲᠠ ᠦᠷᠭᠦᠯᠵᠢᠯᠡᠨ ᠣᠯᠠᠨ ᠲᠠᠰ ᠳᠠᠪᠬᠤᠷᠭ᠎ᠠ ᠶᠢᠨ᠂ ᠦᠷᠭᠦᠯᠵᠢᠯᠡᠭᠰᠡᠨ ᠴᠢᠨᠠᠷᠲᠠᠢ ᠠᠷᠭ᠎ᠠ ᠮᠠᠶ᠋ᠢᠭ ᠢᠶᠠᠷ ᠰᠠᠶᠢᠨ ᠳᠤᠷ᠎ᠠ ᠶᠢᠨ ᠠᠵᠢᠯᠯᠠᠭ᠎ᠠ ᠶᠢ ᠲᠦᠯᠬᠢᠨ ᠠᠬᠢᠭᠤᠯᠵᠤ᠂ ᠨᠡᠶᠢᠭᠡᠮ ᠤᠨ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠬᠤ ᠰᠠᠶᠢᠨ ᠰᠠᠶᠢᠬᠠᠨ ᠬᠡᠪ ᠰᠤᠷᠲᠠᠯ ᠢ ᠴᠢᠷᠮᠠᠶᠢᠨ ᠪᠣᠶ ᠪᠣᠯᠭᠠᠬᠤ ᠶᠢᠨ ᠬᠠᠮᠲᠤ ᠦᠨᠡᠨ ᠬᠦ ᠪᠦᠲᠦᠮᠵᠢᠲᠡᠶ ᠠᠵᠢᠯᠯᠠᠭ᠎ᠠ ᠪᠠᠷ ᠳᠠᠮᠵᠢᠭᠤᠯᠤᠨ ᠨᠡᠶᠢᠭᠡᠮ ᠤᠨ ᠪᠣᠯᠪᠠᠰᠤᠨ ᠤ ᠦᠷᠭᠦᠯᠵᠢᠯᠡᠨ ᠬᠥᠭᠵᠢᠬᠦ ᠪᠠ ᠳᠠᠪᠰᠢᠬᠤ ᠶᠢ ᠲᠦᠯᠬᠢᠨ ᠠᠬᠢᠭᠤᠯᠤᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号