ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠨᠢᠳᠤᠨᠤᠨ ᠵᠢᠯ ᠤᠨ | ᠰᠡᠭᠦᠯᠴᠢ ᠳᠤ᠂ ᠮᠠᠨ ᠤ ᠠᠶᠢᠮᠠᠭ ᠪᠦᠬᠦ ᠣᠷᠣᠨ ᠳᠤ ᠳᠦᠷᠦᠭᠦᠯᠡᠨ ᠪᠦᠬᠦ ᠠᠶᠢᠮᠠᠭ ᠤᠨ ᠭᠡᠷ ᠪᠠᠶᠢᠰᠢᠩ ᠭᠠᠵᠠᠷ | ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ ᠬᠦᠴᠢᠷᠲᠡᠢ︾ ᠠᠰᠠᠭᠤᠳᠠᠯ ᠢ | ᠰᠶᠢᠳᠪᠦᠷᠢᠯᠡᠪᠡ᠃ 2018 ᠣᠨ ᠳᠤ ᠮᠠᠨ ᠤ ᠠᠶᠢᠮᠠᠭ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ | ᠲᠡᠦᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ ᠬᠦᠴᠢᠷᠲᠡᠢ︾ ᠠᠰᠠᠭᠤᠳᠠᠯ ᠢ ᠡᠬᠢᠯᠡᠨ | ᠰᠶᠢᠳᠪᠦᠷᠢᠯᠡᠭᠰᠡᠨ ᠠᠴᠠ ᠨᠠᠭᠠᠰᠢ᠂ ᠪᠥᠬᠦ ᠠᠶᠢᠮᠠᠭ ᠤᠨ ᠬᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠣᠷᠣᠨ | ᠰᠠᠭᠤᠴᠠ ᠶᠢᠨ ᠲᠥᠷᠥᠯ ᠵᠦᠢᠯ ᠢ ᠨᠡᠶᠢᠲᠡ 73530 ᠶᠢ ᠪᠠᠶᠢᠴᠠᠭᠠᠨ ᠭᠠᠷᠭᠠᠵᠤ᠂ ᠨᠢᠭᠡᠨᠲᠡ 67949 ᠶᠢ ᠨᠢ | ᠰᠶᠢᠳᠪᠦᠷᠢᠯᠡᠵᠦ᠂ ᠪᠡᠶᠡᠯᠡᠭᠦᠯᠦᠭᠰᠡᠨ ᠨᠣᠷᠮ᠎ᠠ ᠨᠢ 92.4% ᠳᠤ ᠬᠥᠷᠪᠡ᠃ | ᠣᠶᠢᠷ᠎ᠠ ᠶᠢᠨ ᠵᠢᠯ ᠤᠨ ᠲᠤᠷᠰᠢ᠂ ᠮᠠᠨ ᠤ ᠠᠶᠢᠮᠠᠭ ᠪᠠᠶᠢᠭᠠᠯᠢ ᠶᠢᠨ ᠡᠬᠢ ᠪᠠᠶᠠᠯᠢᠭ᠂ ᠬᠥᠭᠵᠢᠭᠦᠯᠦᠯᠲᠡ | ᠥᠭᠡᠷᠡᠴᠢᠯᠡᠯᠲᠡ ᠵᠡᠷᠭᠡ ᠬᠤᠯᠪᠤᠬᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ᠂ ᠲᠥᠷᠥᠯ ᠵᠦᠢᠯ ᠤᠨ ᠰᠢᠨᠵᠢ | ᠴᠢᠨᠠᠷ ᠢ ᠮᠠᠭᠠᠳᠯᠠᠨ ᠲᠣᠭᠲᠠᠭᠠᠬᠤ ᠶᠢᠨ ᠠᠷᠭ᠎ᠠ ᠦᠭᠡᠢ᠂ ᠭᠠᠷ ᠭᠦᠢᠴᠡᠳᠬᠡᠯ ᠨᠢ ᠪᠦᠷᠢᠨ ᠪᠤᠰᠤ ᠵᠡᠷᠭᠡ ᠠᠰᠠᠭᠤᠳᠠᠯ ᠢ | ᠰᠶᠢᠳᠪᠦᠷᠢᠯᠡᠵᠦ᠂ ︽ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡᠨ ᠠᠴᠠ | ᠦᠯᠡᠳᠡᠭᠳᠡᠵᠦ ᠢᠷᠡᠭᠰᠡᠨ ᠭᠡᠷ ᠪᠠᠶᠢᠰᠢᠩ ᠤᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠠᠰᠠᠭᠤᠳᠠᠯ ᠢ | ᠰᠶᠢᠳᠪᠦᠷᠢᠯᠡᠬᠦ ᠲᠤᠬᠠᠢ ᠵᠢᠯᠤᠭᠤᠳᠬᠤ ᠰᠠᠨᠠᠯ︾ ︽ᠰᠢᠯᠢ ᠶᠢᠨ ᠭᠤᠣᠯ ᠠᠶᠢᠮᠠᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ | ᠲᠡᠦᠬᠡᠨ ᠠᠴᠠ ᠦᠯᠡᠳᠡᠭᠳᠡᠵᠦ ᠢᠷᠡᠭᠰᠡᠨ ᠦᠨᠡᠮᠯᠡᠯ ᠠᠪᠬᠤ ᠳᠤ ᠬᠦᠴᠢᠷᠲᠡᠢ ᠠᠰᠠᠭᠤᠳᠠᠯ ᠢ ᠰᠶᠢᠳᠪᠦᠷᠢᠯᠡᠬᠦ ᠬᠡᠷᠡᠭᠵᠢᠭᠦᠯᠬᠦ | ᠲᠥᠰᠥᠯ︾ ᠵᠡᠷᠭᠡ ᠶᠢ ᠵᠠᠯᠭᠠᠭ᠎ᠠ ᠪᠠᠷ ᠲᠣᠭᠲᠠᠭᠠᠨ ᠳᠠᠷᠤᠮᠠᠯᠯᠠᠨ ᠲᠠᠷᠬᠠᠭᠠᠵᠦ᠂ ᠵᠦᠢᠯ ᠵᠤᠷᠪᠤᠰ ᠳᠠᠷᠠᠭᠠᠯᠠᠨ ᠪᠠᠶᠢᠳᠠᠯ ᠢ | ᠣᠶᠢᠯᠠᠭᠠᠬᠤ ᠶᠢᠨ ᠬᠠᠮᠲᠤ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠳᠤ ᠴᠢᠭᠯᠡᠭᠦᠯᠦᠨ᠂ ᠳᠤᠲᠠᠭᠤ ᠶᠢ ᠭᠥᠯᠢᠶᠡᠨ | ᠠᠪᠴᠤ ᠰᠶᠢᠳᠪᠦᠷᠢᠯᠡᠬᠦ ᠵᠡᠷᠭᠡ ᠣᠯᠠᠨ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠠᠪᠴᠤ᠂ ᠲᠡᠦᠬᠡᠨ ᠠᠴᠠ ᠦᠯᠡᠳᠡᠭᠳᠡᠵᠦ | ᠢᠷᠡᠭᠰᠡᠨ ᠲᠥᠷᠥᠯ ᠵᠦᠢᠯ ᠤᠨ ᠭᠠᠷ ᠭᠦᠢᠴᠡᠳᠬᠡᠯ ᠨᠢ ᠪᠦᠷᠢᠨ ᠪᠤᠰᠤ ᠪᠠᠶᠢᠬᠤ ᠠᠰᠠᠭᠤᠳᠠᠯ ᠢ ᠰᠶᠢᠳᠪᠦᠷᠢᠯᠡᠵᠠᠢ᠃ | ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠠᠵᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠲᠦᠭᠵᠢᠷᠡᠯ ᠤᠨ ᠠᠰᠠᠭᠤᠳᠠᠯ᠂ | ᠬᠦᠴᠢᠷ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠤᠨ ᠰᠶᠢᠳᠪᠦᠷᠢᠯᠡᠬᠦ ᠶᠢᠨ ᠬᠠᠮᠲᠤ ᠨᠡᠭᠡᠭᠡᠨ ᠬᠥᠭᠵᠢᠭᠦᠯᠦᠯᠲᠠ ᠶᠢᠨ ᠠᠵᠤ | ᠠᠬᠤᠶᠢᠯᠠᠯ᠂ ᠭᠡᠷ ᠪᠠᠶᠢᠰᠢᠩ ᠬᠤᠳᠠᠯᠳᠤᠨ ᠠᠪᠤᠬᠰᠠᠨ ᠤᠯᠠᠨ ᠲᠦᠮᠡᠨ ᠲᠠᠢ ᠶᠠᠷᠢᠯᠴᠠᠵᠤ᠂ ᠰᠶᠢᠳᠪᠦᠷᠢᠯᠡᠬᠦ ᠠᠷᠭ᠎ᠠ | ᠬᠡᠮᠵᠢᠶ᠎ᠡ ᠶᠢ ᠳᠤᠷᠠᠳᠴᠤ᠂ ᠠᠰᠠᠭᠤᠳᠠᠯ ᠤᠨ ᠡᠬᠡ ᠲᠠᠩᠰᠠ ᠶᠢ ᠭᠠᠷᠭᠠᠵᠦ᠂ ᠦᠯᠡᠳᠡᠭᠳᠡᠯ ᠲᠦᠷᠦᠯ ᠵᠦᠢᠯ ᠢ ᠰᠶᠢᠳᠪᠦᠷᠢᠯᠡᠬᠦ | ᠠᠬᠢᠴᠠ ᠶᠢ ᠲᠦᠷᠭᠡᠳᠬᠡᠪᠡ᠃ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ︵ᠤᠷᠤᠨ︶ ᠶᠢᠨ ᠠᠷᠠᠳ ᠤᠨ | ᠵᠠᠰᠠᠭ ᠤᠨ ᠣᠷᠳᠣᠨ ᠪᠠ ᠠᠶᠢᠮᠠᠭ ᠤᠨ ᠰᠢᠭᠤᠳ ᠬᠠᠷᠢᠶ᠎ᠠ ᠬᠤᠯᠪᠤᠬᠳᠠᠯ ᠪᠦᠬᠦᠢ ᠰᠠᠯᠠᠭ᠎ᠠ ᠮᠥᠴᠢᠷ ᠤᠳ ᠭᠡᠷ ᠪᠠᠶᠢᠰᠢᠩ | ᠭᠠᠵᠠᠷ ᠬᠥᠷᠥᠩᠭᠡ ᠶᠢᠨ ᠬᠦᠷᠢᠶᠡᠨ ᠳᠠᠬᠢ ᠲᠣᠪᠤᠶᠢᠮ᠎ᠠ ᠵᠥᠷᠢᠴᠡᠯ ᠠᠰᠠᠭᠤᠳᠠᠯ ᠢ ᠰᠶᠢᠳᠪᠦᠷᠢᠯᠡᠬᠦ ᠠᠵᠢᠯ ᠤᠨ ᠤᠳᠤᠷᠢᠳᠬᠤ | ᠳᠤᠭᠤᠶᠢᠯᠠᠩ ᠪᠠᠶᠢᠭᠤᠯᠵᠤ᠂ ︽ᠭᠤᠷᠪᠠᠨ ᠬᠦᠴᠢᠷ︾᠂ ᠨᠢᠭᠡ ᠭᠡᠷ ᠪᠠᠶᠢᠰᠢᠩ ᠢ ᠣᠯᠠᠨ ᠬᠤᠳᠠᠯᠳᠤᠬᠤ᠂ ᠬᠠᠤᠯᠢ | ᠴᠠᠭᠠᠵᠠ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ᠂ ᠰᠠᠭᠤᠷᠢ ᠲᠦᠬᠦᠭᠡᠷᠦᠮᠵᠢ ᠲᠡᠭᠦᠯᠳᠡᠷ ᠪᠤᠰᠤ ᠵᠡᠷᠭᠡ ᠡᠯ᠎ᠡ | ᠲᠥᠷᠥᠯ ᠤᠨ ᠵᠥᠷᠢᠴᠡᠯ ᠠᠰᠠᠭᠤᠳᠠᠯ ᠢ ᠰᠢᠰᠲ᠋ᠧᠮ ᠲᠠᠢ ᠰᠶᠢᠳᠪᠦᠷᠢᠯᠡᠵᠠᠢ᠃ | ᠮᠠᠨ ᠤ ᠠᠶᠢᠮᠠᠭ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠠᠬᠢᠭᠤᠯᠬᠤ ᠲᠣᠭᠲᠠᠴᠠ ᠶᠢ | ᠪᠦᠷᠢᠨᠰᠢᠭᠦᠯᠦᠨ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠣᠷᠣᠰᠢᠵᠤ ᠪᠠᠶᠢᠭ᠎ᠠ ᠭᠡᠷ ᠪᠠᠶᠢᠰᠢᠩ ᠭᠠᠵᠠᠷ | ᠬᠥᠷᠥᠩᠭᠡ ᠶᠢᠨ ᠲᠥᠷᠥᠯ ᠵᠦᠢᠯ ᠤᠨ ᠭᠠᠷ ᠭᠦᠢᠴᠡᠳᠬᠡᠯ ᠢ ᠪᠦᠷᠢᠨᠰᠢᠭᠦᠯᠬᠦ᠂ ᠤᠷᠢᠳᠴᠢᠯᠠᠨ ᠬᠤᠳᠠᠯᠳᠤᠬᠤ ᠶᠢ ᠬᠢᠨᠠᠨ | ᠵᠥᠪᠰᠢᠶᠡᠷᠡᠬᠦ᠂ ᠪᠠᠷᠢᠯᠭ᠎ᠠ ᠶᠢᠨ ᠠᠬᠢᠴᠠ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠮᠤᠷ ᠲᠦᠪᠰᠢᠨ᠂ ᠪᠡᠯᠡ | ᠮᠥᠩᠭᠦ ᠶᠢᠨ ᠬᠡᠷᠡᠭᠯᠡᠯᠲᠡ ᠵᠡᠷᠭᠡ ᠪᠣᠶ ᠪᠦᠬᠦᠢ ᠭᠤᠭᠴᠤᠭ᠎ᠠ ᠳᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠵᠦ᠂ ᠡᠵᠡᠩᠨᠡᠯᠲᠡ ᠶᠢᠨ ᠪᠠᠶᠢᠳᠠᠯ ᠪᠠ ᠠᠶᠤᠯ ᠲᠦᠭᠰᠢᠭᠦᠷᠢ ᠶᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ᠂ | ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠱᠠᠯᠠᠪᠳᠠᠭᠤᠯᠪᠠ᠃ | 2022 ᠣᠨ ᠳᠤ᠂ ᠮᠠᠨ ᠤ ᠠᠶᠢᠮᠠᠭ ︽︿ᠰᠢᠯᠢ ᠶᠢᠨ ᠭᠤᠣᠯ ᠠᠶᠢᠮᠠᠭ ᠤᠨ ᠰᠢᠨ᠎ᠡ ᠪᠠᠷ ᠪᠠᠶᠢᠭᠤᠯᠤᠭᠰᠠᠨ | ᠲᠠᠸᠠᠷ ᠤᠨ ᠭᠡᠷ ᠪᠠᠶᠢᠰᠢᠩ ᠤᠨ ︿ᠭᠡᠷ ᠪᠠᠶᠢᠰᠢᠩ ᠢ ᠲᠤᠰᠢᠶᠠᠮᠠᠬᠴᠠ ᠳᠠᠷᠦ᠋ᠢᠬᠠᠨ ᠦᠨᠡᠮᠯᠡᠯ ᠤᠯᠭᠤᠬᠤ﹀ ᠶᠢ ᠠᠬᠢᠭᠤᠯᠬᠤ | ᠲᠤᠷᠰᠢᠯᠲᠠ ᠶᠢᠨ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ | ᠲᠤᠷᠰᠢᠯᠲᠠ ᠶᠢᠨ ᠴᠡᠭ ᠲᠤ ᠤᠷᠢᠳ ᠢᠶᠠᠷ ᠬᠡᠷᠡᠭᠵᠢᠬᠦᠯᠬᠦ᠂ ᠪᠥᠬᠦ ᠲᠠᠯ᠎ᠠ ᠪᠠᠷ ᠠᠬᠢᠭᠤᠯᠬᠤ ᠠᠷᠭ᠎ᠠ ᠮᠠᠶ᠋ᠢᠭ ᠢᠶᠠᠷ ︽ᠭᠡᠷ | ᠪᠠᠶᠢᠰᠢᠩ ᠢ ᠲᠤᠰᠢᠶᠠᠮᠠᠬᠴᠠ ᠳᠠᠷᠦ᠋ᠢᠬᠠᠨ ᠦᠨᠡᠮᠯᠡᠯ ᠤᠯᠭᠤᠬᠤ︾ ᠠᠵᠢᠯ ᠢ ᠥᠷᠨᠢᠭᠦᠯᠪᠡ︔ 2023 ᠣᠨ ᠳᠤ᠂ ᠪᠥᠬᠦ | ᠠᠶᠢᠮᠠᠭ ᠤᠨ ᠬᠡᠪᠴᠢᠶᠡᠨ ᠳᠤ ︽ᠭᠡᠷ ᠪᠠᠶᠢᠰᠢᠩ ᠢ ᠲᠤᠰᠢᠶᠠᠮᠠᠬᠴᠠ ᠳᠠᠷᠦ᠋ᠢᠬᠠᠨ ᠦᠨᠡᠮᠯᠡᠯ ᠤᠯᠭᠤᠬᠤ︾ ᠠᠵᠢᠯ ᠢ | ᠪᠠᠶᠢᠩᠭᠤᠵᠢᠭᠤᠯᠤᠨ ᠠᠬᠢᠭᠤᠯᠵᠤ᠂ ᠪᠥᠬᠦ ᠠᠶᠢᠮᠠᠭ ᠤᠨ ᠰᠢᠨ᠎ᠡ ᠪᠠᠷ ᠪᠠᠶᠢᠭᠤᠯᠤᠭᠰᠠᠨ ᠪᠤᠶᠤ ᠪᠠᠶᠢᠭᠤᠯᠵᠤ ᠪᠠᠶᠢᠭ᠎ᠠ ᠭᠡᠷ | ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠲᠥᠷᠥᠯ ᠵᠦᠢᠯ ᠢ ᠴᠥᠮ ︽ᠭᠡᠷ ᠪᠠᠶᠢᠰᠢᠩ ᠢ ᠲᠤᠰᠢᠶᠠᠮᠠᠬᠴᠠ | ᠳᠠᠷᠦ᠋ᠢᠬᠠᠨ ᠦᠨᠡᠮᠯᠡᠯ ᠤᠯᠭᠤᠬᠤ︾ ᠬᠡᠪᠴᠢᠶᠡᠨ ᠳᠤ ᠣᠷᠣᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ︽ᠦᠨᠡᠮᠯᠡᠯ | ᠠᠪᠬᠤ ᠳᠤ ᠬᠦᠴᠢᠷᠲᠡᠢ︾ ᠪᠠᠶᠢᠬᠤ ᠠᠰᠠᠭᠤᠳᠠᠯ ᠢ ᠦᠨᠳᠦᠰᠦᠨ ᠠᠴᠠ ᠨᠢ ᠰᠶᠢᠳᠪᠦᠷᠢᠯᠡᠵᠠᠢ᠃ | |