ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠶᠡᠭᠡ ᠲᠣᠭᠤᠷᠢᠯ ᠵᠠᠮ ᠤᠨ NCC ᠮᠢᠩᠭᠠᠨ ᠲᠡᠷᠭᠡ ᠲᠦᠮᠡᠨ ᠬᠥᠮᠥᠨ ᠤ ᠥᠪᠥᠷ ᠮᠣᠩᠭᠤᠯ ᠢ ᠲᠣᠭᠤᠯᠠᠬᠤ ᠵᠢᠴᠢ ᠣᠮᠠᠷᠠᠳᠣ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ︽ᠬᠤᠶᠠᠳᠤᠭᠠᠷ ᠰᠠᠷ᠎ᠠ ᠶᠢᠨ ᠬᠤᠶᠠᠷ ᠤᠨ ᠢᠴᠡᠭᠰᠡᠳ ᠬᠦᠳᠡᠯᠬᠦ︾ ᠮᠥᠰᠥ ᠴᠠᠰᠤᠨ ᠤ T2 ᠲᠡᠰᠬᠡᠯ ᠤᠷᠤᠯᠳᠤᠭᠠᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2024/3/18
     3 ᠰᠠᠷ᠎ᠠ ᠶᠢᠨ 9  ᠤ ᠡᠳᠦᠷ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠶᠡᠭᠡ ᠲᠣᠭᠤᠷᠢᠯ ᠵᠠᠮ ᠤᠨ NCC ᠮᠢᠩᠭᠠᠨ ᠲᠡᠷᠭᠡ ᠲᠦᠮᠡᠨ ᠬᠥᠮᠥᠨ ᠤ ᠥᠪᠥᠷ ᠮᠣᠩᠭᠤᠯ ᠢ ᠲᠣᠭᠤᠯᠠᠬᠤ ᠵᠢᠴᠢ ᠣᠮᠠᠷᠠᠳᠣ  ᠶᠢᠨ ᠠᠷᠪᠠᠨ ᠭᠤᠷᠪᠠᠳᠤᠭᠠᠷ ᠬᠤᠭᠤᠴᠠᠭᠠᠨ ᠤ ︽ᠬᠤᠶᠠᠳᠤᠭᠠᠷ ᠰᠠᠷ᠎ᠠ ᠶᠢᠨ ᠬᠤᠶᠠᠷ ᠤᠨ ᠢᠴᠡᠭᠰᠡᠳ ᠬᠦᠳᠡᠯᠬᠦ︾ ᠮᠥᠰᠥ ᠴᠠᠰᠤᠨ ᠤ T2 ᠲᠡᠰᠬᠡᠯ ᠤᠷᠤᠯᠳᠤᠭᠠᠨ ᠤ ᠨᠢᠭᠡᠳᠦᠭᠡᠷ ᠦᠷᠳᠡᠭᠡ ᠰᠢᠯᠢ ᠶᠢᠨ ᠬᠤᠲᠠ ᠳᠤ  ᠣᠷᠬᠢᠯᠣᠮ᠎ᠠ ᠬᠠᠯᠠᠭᠤᠨ ᠰᠡᠳᠬᠢᠯᠭᠡ ᠪᠠᠷ ᠤᠷᠤᠯᠳᠤᠭᠠᠨ ᠢᠶᠠᠨ ᠡᠬᠢᠯᠡᠭᠦᠯᠪᠡ᠃ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 1000 ᠭᠠᠷᠤᠢ ᠤᠷᠤᠯᠳᠤᠭᠠᠨ ᠤ ᠲᠠᠮᠢᠷᠴᠢᠨ ᠪᠠ ᠬᠡᠭᠡᠷᠯᠡᠨ ᠲᠡᠷᠭᠡ ᠵᠢᠯᠤᠭᠤᠳᠬᠤ ᠳᠤ ᠪᠠᠭ᠋ᠠᠲᠠᠢ ᠬᠥᠮᠥᠰ  ᠰᠢᠯᠢ ᠶᠢᠨ ᠬᠤᠲᠠ ᠳᠤ ᠴᠤᠭᠯᠠᠷᠠᠵᠤ᠂ ᠲᠡᠷᠭᠡᠨ ᠤ ᠮᠡᠷᠭᠡᠵᠢᠯ ᠵᠶ᠋ᠠᠨ‌ᠠᠳᠠᠯᠢᠳᠬᠠᠨ᠂ ᠨᠢᠭᠡ ᠤᠳᠠᠭᠠᠨ ᠤ ᠦᠪᠡᠳᠡᠭᠰᠢ ᠶᠡᠭᠡ ᠮᠥᠰᠥ ᠴᠠᠰᠤᠨ ᠤ ᠲᠡᠰᠬᠡᠯ ᠤᠷᠤᠯᠳᠤᠭᠠᠨ ᠢ  ᠡᠬᠢᠯᠡᠭᠦᠯᠪᠡ᠃ᠲᠡᠷᠭᠡ ᠬᠥᠳᠡᠯᠬᠦ ᠶᠣᠰᠣᠯᠠᠯ ᠤᠨ ᠲᠤᠬᠠᠢ ᠶᠢᠨ ᠲᠠᠯᠠᠪᠠᠢ ᠳᠤ ᠤᠯᠠᠨ ᠤ ᠰᠡᠳᠬᠢᠯ ᠬᠦᠳᠡᠯᠵᠦ᠂ ᠤᠯᠠᠭᠠᠨᠮᠥ᠋ᠴᠢᠷ ᠤᠨ ᠲᠣᠭᠯᠠᠭᠴᠢᠳ ᠤᠨ ᠬᠠᠩᠭᠢᠨᠠᠮ᠎ᠠ ᠰᠠᠶᠢᠬᠠᠨ ᠳᠠᠭᠤᠤ ᠨᠢ ᠤᠯᠠᠨ ᠤ ᠠᠩᠬᠠᠷᠤᠯ ᠢ ᠲᠠᠲᠠᠵᠤ᠂ ᠲᠤᠰ ᠤᠳᠠᠭ᠎ᠠ ᠶᠢᠨ ᠤᠷᠤᠯᠳᠤᠭᠠᠨ ᠪᠣᠯᠣᠨ ᠪᠠᠶᠠᠷ ᠤᠨ ᠡᠳᠦᠷ ᠲᠤ ᠣᠷᠬᠢᠯᠣᠮ᠎ᠠ ᠬᠠᠯᠠᠭᠤᠨ ᠠᠭᠤᠷ ᠠᠮᠢᠰᠬᠤᠯ ᠢ  ᠠᠪᠴᠢᠷᠠᠪᠠ᠃
      ᠪᠢ ᠪᠣᠯ ᠲᠠᠩᠱᠠᠨ ᠤ ᠶᠦᠨ ᠯᠢᠶᠠᠩ ᠲᠡᠷᠭᠡᠨ ᠤ ᠠᠩᠭᠢ ᠶᠢᠨ ᠸᠠᠩ ᠭᠦᠸᠧ ᠪᠢᠩ ᠪᠣᠯᠣᠨ᠎ᠠ᠂ ᠰᠢᠯᠢ ᠶᠢᠨ ᠭᠤᠣᠯ ᠤᠨ ᠤᠷᠤᠯᠳᠤᠭᠠᠨ ᠳᠤ ᠣᠷᠣᠯᠴᠠᠭᠰᠠᠨ ᠳᠠᠭᠠᠨ ᠮᠠᠰᠢ ᠠᠵᠠᠲᠠᠢ᠂ ᠪᠢ ᠡᠨᠡ ᠵᠢᠯ ᠵᠢᠷᠭᠤᠳᠤᠭᠠᠷ ᠤᠳᠠᠭ᠎ᠠ ᠮᠥᠰᠥ ᠴᠠᠰᠤᠨ ᠤ ᠲᠡᠰᠬᠡᠯ ᠤᠷᠤᠯᠳᠤᠭᠠᠨ ᠳᠤ  ᠣᠷᠣᠵᠣ ᠪᠠᠶᠢᠨ᠎ᠠ᠂ ᠮᠥᠰᠥ ᠴᠠᠰᠤ ᠮᠠᠨ ᠤ ᠤᠮᠠᠷᠠᠲᠤ ᠣᠷᠣᠨ ᠳᠤ ᠶᠡᠭᠡ ᠰᠠᠶᠢᠨ᠂ ᠪᠢ ᠴᠦ ᠡᠨᠡ ᠲᠠᠮᠢᠷ ᠤᠨ ᠬᠥᠳᠡᠯᠭᠡᠭᠡᠨ ᠳᠤ ᠮᠠᠰᠢ ᠳᠤᠷᠠᠲᠠᠢ ᠪᠥᠭᠡᠳ ᠡᠨᠡ ᠤᠳᠠᠭᠠᠨ ᠤ ᠤᠷᠤᠯᠳᠤᠭᠠᠨ ᠳᠤ ᠰᠠᠶᠢᠨ ᠬᠢᠷᠢ ᠪᠦᠲᠦᠮᠵᠢ ᠣᠯᠬᠤ ᠶᠢ ᠬᠦᠰᠡᠵᠦ ᠪᠠᠶᠢᠨ᠎ᠠ᠂ ᠮᠥᠨ ᠴᠦ ᠪᠣᠰᠣᠳ ᠲᠡᠷᠭᠡᠴᠢᠨ ᠨᠠᠷ ᠤᠨ ᠰᠠᠶᠢᠨ ᠬᠢᠷᠢ ᠪᠦᠲᠦᠮᠵᠢ ᠣᠯᠬᠤ ᠶᠢ ᠬᠦᠰᠡᠵᠦ ᠪᠠᠶᠢᠨ᠎ᠠ᠃
      ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠲᠡᠷᠭᠡ ᠬᠥᠳᠡᠯᠬᠦ ᠶᠣᠰᠣᠯᠠᠯ ᠳᠡᠭᠡᠷ᠎ᠡ᠂ ᠲᠡᠷᠭᠡᠨ ᠠᠩᠭᠢ ᠲᠡᠷᠢ ᠲᠡᠭᠰᠢ ᠵᠢᠭᠰᠠᠪᠠ᠃ ᠠᠭᠤᠷ ᠤᠨ ᠱᠤᠤᠭᠢᠯ ᠤᠨ ᠲᠠᠭᠤᠨ ᠭᠠᠷᠬᠤ ᠶᠢ ᠳᠠᠭᠠᠯᠳᠤᠨ᠂ ᠤᠷᠤᠯᠳᠤᠭᠠᠨ ᠳᠤ ᠣᠷᠣᠯᠴᠠᠬᠤ 1000 ᠭᠠᠷᠤᠢ ᠲᠡᠷᠭᠡ ᠵᠠᠯᠭᠠᠭ᠎ᠠ ᠪᠠᠷ ᠮᠣᠷᠳᠠᠪᠠ᠃ ᠮᠠᠰᠢᠨ ᠭᠦᠳᠡᠯᠭᠡᠭᠦᠷ ᠤᠨ ᠬᠦᠩᠭᠢᠨᠡᠮ᠎ᠡ ᠳᠠᠭᠤᠨ ᠤ ᠳᠤᠮᠳᠠ ᠪᠠᠶᠠᠨᠬᠦ᠋ᠷᠢᠶ᠎ᠡ ᠶᠢᠨ ᠬᠦᠢᠳᠡᠨᠰᠢᠯᠢ ᠶᠢᠨ ᠪᠠᠶᠢᠭᠠᠯᠢ ᠶᠢᠨ ᠤᠷᠭᠤᠮᠠᠯ ᠤᠨ ᠬᠦᠷᠢᠶᠡᠯᠡᠩ ᠤᠨ ᠤᠷᠤᠯᠳᠤᠭᠠᠨ ᠤ ᠲᠤᠬᠠᠢ ᠶᠢᠨ ᠲᠠᠯᠠᠪᠠᠢ ᠳᠤ ᠲᠤᠰ ᠬᠤᠭᠤᠴᠠᠭᠠᠨ ᠤ ᠤᠷᠤᠯᠳᠤᠭᠠᠨ ᠤ ᠠᠩᠬᠠᠨ ᠤ ᠲᠠᠯᠠᠪᠤᠷ NCC ᠢᠴᠡᠭᠰᠡᠳ ᠬᠦᠳᠡᠯᠬᠦ ᠮᠥᠰᠥ ᠴᠠᠰᠤᠨ ᠤ T2 ᠲᠡᠰᠬᠡᠯ ᠤᠷᠤᠯᠳᠤᠭᠠᠨ ᠤ  ᠰᠢᠯᠢ ᠶᠢᠨ ᠬᠤᠲᠠ ᠶᠢᠨ ᠦᠷᠲᠡᠭᠡ   ᠶᠢᠨ ᠣᠷᠣᠯᠳᠣᠭᠠᠨ ᠵᠢᠩᠬᠢᠨᠢ ᠪᠠᠷ ᠡᠬᠢᠯᠡᠪᠡ᠃       ︽ ᠰᠢᠯᠢ ᠶᠢᠨ ᠭᠤᠣᠯ ᠤᠨ ᠲᠠᠯ᠎ᠠ ᠨᠤᠲᠤᠭ ᠲᠣᠩ ᠰᠠᠢᠬᠠᠨ᠂ ᠵᠤᠨ ᠨᠡᠩ ᠰᠠᠶᠢᠬᠠᠨ ᠪᠢ ᠢᠷᠡᠵᠦ ᠥᠩᠭᠡᠷᠡᠭᠰᠡᠨ᠂ ᠣᠳᠣ ᠴᠠᠰᠤᠲᠤ ᠠᠭᠤᠯᠠ ᠶᠢ ᠯᠠ ᠰᠣᠨᠢᠷᠬᠠᠨ᠎ᠠ᠃ ᠣᠮᠠᠷᠠᠳᠣ ᠶᠢᠨ ᠤᠷᠤᠯᠳᠤᠭᠠᠨ ᠵᠢᠯ ᠪᠦᠷᠢ ᠶᠠᠪᠤᠭᠳᠠᠳᠠᠭ᠂ ᠲᠣᠰ ᠤᠷᠤᠯᠳᠤᠭᠠᠨ ᠲᠤᠶᠢᠯ ᠤᠨ ᠬᠦᠴᠦᠷᠬᠡᠭ ᠪᠠᠶᠢᠵᠤ᠂ ᠤᠷᠤᠯᠳᠤᠭᠠᠨ ᠳᠤ ᠣᠷᠣᠯᠴᠠᠭᠰᠠᠳ ᠲᠤ ᠲᠠᠯ᠎ᠠ ᠨᠤᠲᠤᠭ ᠤᠨ ᠠᠳᠠᠯᠢ ᠪᠤᠰᠤ ᠣᠶᠢᠯᠠᠭᠠᠯᠲᠠ ᠶᠢ ᠠᠪᠴᠢᠷᠠᠵᠤ ᠥᠭᠪᠡ᠃ ᠡᠭᠦᠨ ᠠᠴᠠ ᠡᠮᠦᠨ᠎ᠡ ᠮᠠᠩᠯᠠᠢ ᠶᠢ ᠠᠪᠴᠤ ᠥᠩᠭᠡᠷᠡᠭᠰᠡᠨ ᠦᠭᠡᠢ᠂ ᠡᠨᠡ ᠤᠳᠠᠭ᠎ᠠ ᠵᠠᠪᠠᠯ ᠮᠠᠩᠯᠠᠢ ᠶᠢ ᠠᠪᠴᠤ ᠭᠡᠷ ᠲᠡᠭᠡᠨ ᠬᠠᠷᠢᠨ᠎ᠠ᠃  ︾ ᠭᠡᠪᠡ᠃      ︽ᠪᠢ ᠾᠧᠪᠧᠢ ᠶᠢᠨ ᠴᠧᠩᠳᠧ ᠠᠴᠠ ᠢᠷᠡᠭᠰᠡᠨ ᠶᠤᠮ᠂ ᠵᠢᠯ ᠪᠦᠷᠢ ᠮᠠᠰᠢᠨ ᠲᠡᠷᠭᠡᠨ ᠤ ᠲᠡᠰᠬᠡᠯ ᠤᠷᠤᠯᠳᠤᠭᠠᠨ ᠳᠤ ᠣᠷᠣᠯᠴᠠᠳᠠᠭ᠂ ᠡᠨᠡ ᠵᠢᠯ ᠤᠨ ᠤᠷᠤᠯᠳᠤᠭᠠᠨ ᠪᠠᠰᠠ ᠭᠤᠷᠪᠠᠨ ᠲᠠᠯᠠᠪᠤᠷ ᠪᠣᠯᠣᠨ᠎ᠠ᠂ ᠭᠤᠣᠯᠯᠠᠨ ᠡᠷᠬᠢᠯᠡᠭᠰᠡᠨ ᠲᠠᠯ᠎ᠠ ᠶᠢᠨ ᠬᠢᠨ ᠮᠠᠰᠢ ᠶᠡᠭᠡ ᠴᠢᠷᠮᠠᠶᠢᠯᠭ᠎ᠠ ᠲᠠᠢ ᠰᠠᠨᠠᠭᠳᠠᠵᠤ᠂ ᠥᠩᠭᠡᠷᠡᠭᠰᠡᠨ ᠵᠢᠯ ᠤᠳ ᠲᠤ ᠪᠦᠷ ᠣᠷᠣᠯᠴᠠᠬᠤ ᠪᠠᠷ ᠭᠤᠣᠯᠳᠠᠭᠤᠯᠵᠤ᠂ ᠡᠨᠡ ᠵᠢᠯ ᠨᠢᠭᠡᠳᠦᠭᠡᠷ ᠲᠤ ᠣᠷᠣᠬᠤ ᠪᠠᠷ ᠴᠢᠷᠮᠠᠶᠢᠨ᠎ᠠ᠃  ︾ᠰᠦᠯᠵᠢᠶᠡᠨ ᠤ ᠠᠪᠤᠷᠭᠤ ᠵᠢᠨ‌‍ᠲ᠋ᠤᠭᠤᠶᠢᠯᠠᠩ ᠤᠨ ᠲᠠᠮᠢᠷᠴᠢᠨ     ᠶᠧᠦ ᠸᠧᠢ      ᠤᠷᠤᠯᠳᠤᠭᠠᠨ ᠤ ᠠᠬᠤᠢ ᠲᠠᠯᠠᠪᠠᠶ ᠳᠤ᠂ ᠮᠣᠷᠳᠠᠬᠤ ᠪᠠᠷ ᠬᠦᠯᠢᠶᠡᠵᠦ ᠪᠠᠶᠢᠭᠰᠠᠨ ᠤᠷᠤᠯᠳᠤᠭᠠᠨ ᠤ ᠲᠡᠷᠭᠡᠨ ᠤ ᠬᠥᠳᠡᠯᠭᠡᠭᠦᠷ᠂ ᠬᠦᠷᠳᠦᠨ ᠤ ᠬᠦᠷᠬᠢᠷᠡᠬᠦ ᠲᠠᠭᠤᠨ ᠤᠷᠤᠯᠳᠤᠭᠠᠨ ᠤ ᠲᠠᠯᠠᠪᠠᠶ ᠳᠤ ᠳᠠᠭᠤᠷᠢᠰᠴᠤ ᠪᠠᠶᠢᠯ᠎ᠠ᠃ ᠬᠢᠨᠠᠭᠴᠢ ᠶᠢᠨ ᠲᠤᠭ ᠳᠠᠯᠪᠠᠭ᠎ᠠ ᠬᠤᠷᠤᠶᠢᠯᠠᠵᠤ ᠵᠠᠷᠯᠢᠭ ᠪᠠᠭᠤᠯᠭᠠᠬᠤ ᠶᠢ ᠳᠠᠭᠠᠯᠳᠤᠨ᠂ ᠤᠷᠤᠯᠳᠤᠭᠠᠨ ᠤ ᠲᠡᠷᠭᠡ ᠵᠢᠯᠣᠭᠤ ᠠᠴᠠ ᠪᠠᠨ ᠮᠤᠯᠲᠤᠷᠠᠭᠰᠠᠨ ᠬᠡᠭᠡᠷ᠎ᠡ ᠶᠢᠨ ᠮᠣᠷᠢ ᠮᠡᠲᠦ ᠳᠠᠪᠬᠢᠨ ᠭᠠᠷᠴᠣ᠂  ᠤᠷᠤᠯᠳᠤᠭᠠᠨ ᠤ ᠲᠠᠮᠢᠷᠴᠢᠳ ᠤᠷᠤᠯᠳᠤᠭᠠᠨ ᠤ ᠵᠠᠮ ᠳᠡᠭᠡᠷ᠎ᠡ ᠡᠷᠳᠡᠮ ᠴᠢᠳᠠᠪᠤᠷᠢ ᠪᠠᠨ ᠶᠡᠭᠡ ᠪᠠᠷ ᠭᠠᠶᠢᠬᠠᠭᠤᠯᠵᠤ᠂ ᠥᠪᠡᠷ ᠥᠪᠡᠷ ᠤᠨ ᠴᠢᠳᠠᠪᠤᠷᠢ ᠪᠠᠨ ᠦᠵᠡᠭᠦᠯᠦᠨ᠂ ᠪᠣᠯᠪᠠᠰᠤᠷᠠᠩᠭᠤᠢ ᠵᠢᠯᠤᠭᠤᠳᠬᠤ ᠮᠡᠷᠭᠡᠵᠢᠯ᠂ ᠡᠯᠪᠡᠭ ᠪᠠᠶᠠᠯᠢᠭ ᠤᠷᠤᠯᠳᠤᠭᠠᠨ ᠤ ᠲᠤᠷᠰᠢᠯᠭ᠎ᠠ᠂ ᠨᠠᠷᠢᠯᠢᠭ ᠣᠨᠣᠴᠠᠲᠠᠢ ᠵᠠᠮᠴᠢᠯᠠᠬᠤ ᠵᠢᠯᠣᠭᠤᠳᠤᠯᠭ᠎ᠠ᠂ ᠤᠷ᠎ᠠ ᠮᠡᠷᠭᠡᠵᠢᠯ ᠢᠶᠠᠷ  ᠪᠠᠷᠳᠠᠭ᠎ᠠ  ᠲᠠᠪᠠᠭ᠋ᠣ᠂ ᠤᠷᠤᠯᠳᠤᠭᠠᠨ ᠤ ᠪᠦᠬᠦᠯᠢ ᠴᠣᠭᠴᠠ ᠵᠢᠴᠢ ᠨᠠᠷᠢᠨ ᠵᠦᠢᠯᠡᠰ   ᠢ ᠲᠤᠶᠢᠯ ᠤᠨ ᠠᠩᠬᠠᠷᠤᠯ ᠲᠠᠢ ᠪᠣᠯᠭᠠᠵᠠᠢ᠃
      ᠲᠣᠰ ᠤᠳᠠᠭᠠᠨ ᠤ ᠤᠷᠤᠯᠳᠤᠭᠠᠨ ᠨᠢ 3 ᠰᠠᠷ᠎ᠠ ᠶᠢᠨ 8 ᠤ ᠡᠳᠦᠷ ᠠᠴᠠ ᠡᠬᠢᠯᠡᠵᠦ᠂ 3 ᠰᠠᠷ᠎ᠠ ᠶᠢᠨ 13 ᠤ ᠡᠳᠦᠷ ᠳᠠᠭᠤᠰᠤᠨ᠎ᠠ᠃ ᠤᠷᠤᠯᠳᠤᠭᠠᠨ ᠢ ᠰᠢᠯᠢ ᠶᠢᠨ ᠬᠤᠲᠠ᠂ ᠲᠣᠯᠣᠨᠨᠠᠭᠤᠷ ᠰᠢᠶᠠᠨ᠂ ᠰᠢᠯᠤᠭᠤᠨ ᠬᠥᠬᠡ ᠬᠤᠰᠢᠭᠤᠨ ᠤ ᠭᠤᠷᠪᠠᠨ ᠥᠷᠲᠡᠭᠡᠨ ᠤ ᠮᠥᠰᠥ ᠴᠠᠰᠤᠨ ᠤ ᠬᠡᠭᠡᠷ᠎ᠡ ᠶᠢᠨ ᠲᠡᠰᠬᠡᠯ ᠤᠷᠤᠯᠳᠤᠭᠠᠨ ᠬᠤᠪᠢᠶᠠᠵᠤ᠂ T2 ᠳᠤᠭᠤᠶᠢᠯᠠᠩ ᠪᠠ ᠰᠦᠯᠵᠢᠶᠡᠨ ᠤ ᠠᠪᠣᠷᠭᠤ ᠶᠢᠨ ᠳᠤᠭᠤᠶᠢᠯᠠᠩ ᠭᠡᠵᠦ ᠬᠤᠶᠠᠷ ᠳᠤᠭᠤᠶᠢᠯᠠᠩ ᠬᠤᠪᠢᠶᠠᠵᠤ᠂ ᠤᠷᠤᠯᠳᠤᠭᠠᠨ ᠤ ᠵᠠᠮ ᠤᠨ ᠳᠣᠲᠣᠷ᠎ᠠ ᠮᠥᠰᠥ ᠴᠠᠰᠤ ᠪᠠ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠣᠯᠠᠨ ᠵᠦᠢᠯ ᠤᠨ ᠭᠠᠵᠠᠷ ᠤᠨ ᠪᠠᠶᠢᠴᠠ ᠪᠠ ᠭᠠᠵᠠᠷ ᠤᠨ ᠭᠠᠳᠠᠷᠭᠤ ᠲᠠᠢ ᠤᠶᠠᠯᠳᠤᠭᠤᠯᠤᠨ᠂ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠲᠦᠮᠡ ᠭᠠᠷᠤᠢ  ᠲᠠᠮᠢᠷᠴᠢᠳ ᠵᠢᠴᠢ ᠲᠡᠷᠭᠡ ᠵᠢᠯᠤᠭᠤᠳᠬᠤ ᠳᠤᠷ᠎ᠠ ᠪᠠᠭ᠋ᠠᠴᠣᠣᠯ ᠤᠷᠤᠯᠳᠤᠭᠠᠨ ᠳᠤ  ᠣᠷᠣᠯᠴᠠᠭᠰᠠᠨ ᠪᠠᠶᠢᠨ᠎ᠠ᠃ ᠡᠭᠦᠨ ᠤ ᠬᠠᠮᠲᠤ᠂ ᠠᠩᠬᠠᠳᠤᠭᠠᠷ ᠬᠤᠭᠤᠴᠠᠭᠠᠨ ᠤ ᠬᠤᠯᠠᠨ ᠰᠢᠷᠭ᠎ᠠ ᠲᠠᠭ᠎ᠠ ᠶᠢᠨ  ᠬᠡᠭᠡᠷᠡᠯᠡᠬᠦ ᠣᠷᠣᠯᠳᠣᠭᠠᠨ ᠤ ᠶᠠᠷᠢᠶᠠᠨ ᠤ ᠲᠠᠪᠴᠠᠩ 3 ᠰᠠᠷ᠎ᠠ ᠶᠢᠨ 10  ᠤ ᠡᠳᠦᠷ ᠲᠣᠯᠣᠨᠨᠠᠭᠤᠷ ᠰᠢᠶᠠᠨ ᠳᠤ  ᠶᠠᠪᠣᠭᠳᠠᠨ᠎ᠠ᠃ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠶᠡᠭᠡ ᠲᠣᠭᠤᠷᠢᠯ ᠵᠠᠮ ᠤᠨ ᠵᠢᠭᠤᠯᠴᠢᠯᠠᠯ ᠤᠨ  ᠥᠪᠡᠷᠳᠡᠭᠡᠨ ᠲᠡᠷᠭᠡ ᠵᠢᠯᠤᠭᠤᠳᠬᠤ ᠨᠠᠷᠠᠲᠤ ᠲᠡᠮᠳᠡᠭ ᠤᠨ ᠵᠠᠮ ᠱᠤᠭᠤᠮ ᠢ ᠳᠡᠯᠭᠡᠷᠡᠭᠦᠯᠵᠦ᠂ ᠡᠯ᠎ᠡ ᠲᠣᠮᠣ ᠮᠠᠰᠢᠨ ᠲᠡᠷᠭᠡᠨ ᠤ ᠨᠠᠷᠠᠲᠤ ᠲᠡᠮᠳᠡᠭᠲᠦ ᠶᠢ ᠰᠢᠯᠢ ᠶᠢᠨ ᠭᠤᠣᠯ ᠳᠤ ᠲᠡᠳᠡᠨ ᠣᠷᠣᠭᠤᠯᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠶᠡᠭᠡ ᠲᠣᠭᠤᠷᠢᠯ ᠵᠠᠮ ᠢ ᠮᠠᠰᠢᠨ ᠲᠡᠷᠭᠡᠨ ᠤ ᠲᠤᠷᠰᠢᠨ ᠵᠢᠯᠤᠭᠤᠳᠬᠤ ᠵᠢᠴᠢ ᠴᠢᠨᠠᠷ ᠴᠢᠨᠰᠠᠭ᠎ᠠ ᠶᠢᠨ ᠰᠢᠯᠭᠠᠯᠲᠠ ᠶᠢᠨ ᠰᠠᠭᠤᠷᠢᠨ ᠭᠠᠵᠠᠷ ᠪᠣᠯᠭᠠᠨ ᠲᠣᠭᠲᠠᠭᠠᠵᠤ᠂ ᠨᠠᠩ ᠣᠯᠠᠨ ᠵᠣᠭᠠᠴᠠᠭᠰᠠᠳ ᠵᠢᠴᠢ  ᠥᠪᠡᠷᠳᠡᠭᠡᠨ ᠲᠡᠷᠭᠡ ᠵᠢᠯᠤᠭᠤᠳᠴᠤ ᠵᠢᠭᠤᠯᠴᠢᠯᠠᠬᠤ ᠳᠤᠷᠠᠲᠠᠢ ᠬᠥᠮᠥᠰ ᠢ ᠬᠤᠯᠠᠨ ᠰᠢᠷᠭ᠎ᠠ ᠲᠠᠭ᠎ᠠ ᠳᠤ ᠢᠷᠡᠭᠦᠯᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠶᠡᠭᠡ ᠲᠣᠭᠤᠷᠢᠯ ᠵᠠᠮ ᠤᠨ ᠠᠯᠳᠠᠷᠰᠢᠯ ᠪᠠ  ᠭᠤᠶᠢᠲᠠ ᠨᠡᠷᠡᠶᠢᠳᠦᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠠᠷ ᠵᠣᠷᠢᠯᠭ᠎ᠠ ᠪᠠᠨ ᠪᠣᠯᠭᠠᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号