0 - 6 ᠨᠠᠰᠤᠨ ᠤ ᠬᠡᠤᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠬᠦ ᠡᠲᠡᠭᠡᠳ ᠪᠣᠯ | ᠬᠠᠷᠢᠶᠠᠲᠤ ᠣᠷᠣᠨ ᠤ ᠪᠠᠶᠢᠩᠭᠤ ᠰᠠᠭᠤᠭ᠎ᠠ 0 - 6 ᠨᠠᠰᠤᠨ ᠤ ᠬᠡᠤᠬᠡᠳ ᠪᠣᠯᠤᠨ᠎ᠠ᠃ ᠬᠠᠮᠢᠶᠠᠷᠤᠯᠲᠠ ᠶᠢᠨ | ᠠᠭᠤᠯᠭ᠎ᠠ ᠳᠤ᠄① ᠰᠠᠶ᠋ᠢ ᠲᠥᠷᠥᠭᠰᠡᠨ ᠬᠡᠤᠬᠡᠳ ᠤᠨ ᠭᠡᠷ ᠪᠦᠯᠢ ᠶᠢ ᠠᠶᠢᠯᠴᠢᠯᠠᠨ ᠦᠵᠡᠬᠦ᠄ ᠰᠠᠶ᠋ᠢ ᠲᠥᠷᠥᠭᠰᠡᠨ | ᠬᠡᠤᠬᠡᠳ ᠤᠨ ᠡᠮᠨᠡᠯᠭᠡ ᠠᠴᠠ ᠭᠠᠷᠤᠭᠰᠠᠨ ᠤ ᠳᠠᠷᠠᠭᠠᠬᠢ ᠨᠢᠭᠡ ᠭᠠᠷᠠᠭ ᠤᠨ ᠳᠣᠲᠣᠷ᠎ᠠ᠂ ᠡᠮᠨᠡᠯᠭᠡ ᠶᠢᠨ ᠠᠵᠢᠯᠲᠠᠨ ᠭᠡᠷ | ᠲᠤ ᠨᠢ ᠢᠷᠡᠵᠦ ᠰᠠᠶ᠋ᠢ ᠲᠥᠷᠥᠭᠰᠡᠨ ᠬᠡᠤᠬᠡᠳ ᠢ ᠠᠶᠢᠯᠴᠢᠯᠠᠨ ᠦᠵᠡᠬᠦ ② ᠰᠠᠷ᠎ᠠ ᠳᠠᠬᠢ ᠬᠡᠤᠬᠡᠳ ᠤᠨ ᠰᠠᠷ᠎ᠠ | ᠳᠦᠭᠦᠷᠲᠡᠯᠡᠬᠢ ᠡᠷᠡᠭᠦᠯ ᠮᠡᠨᠳᠦ ᠶᠢᠨ ᠬᠠᠮᠢᠶᠠᠷᠤᠯᠲᠠ᠄ ᠰᠠᠷ᠎ᠠ ᠳᠠᠬᠢ ᠬᠡᠤᠬᠡᠳ ᠢ ᠲᠥᠷᠥᠭᠰᠡᠨ ᠤ ᠳᠠᠷᠠᠭ᠎ᠠ 28 - 30 | ᠬᠤᠨᠤᠭ ᠲᠤ ᠡᠯᠢᠭᠡᠨ ᠤ B ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠬᠤᠶᠠᠳᠤᠭᠠᠷ ᠵᠡᠭᠦᠯᠡᠯ ᠲᠠᠢ | ᠤᠶᠠᠯᠳᠤᠭᠤᠯᠤᠨ᠂ ᠭᠡᠷ ᠤᠨ ᠠᠬᠠᠮᠠᠳ ᠨᠢ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠤᠶᠤ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠠᠪᠠᠴᠢᠵᠤ ᠡᠷᠡᠭᠦᠯ ᠮᠡᠨᠳᠦ ᠶᠢᠨ | ᠪᠠᠶᠢᠴᠠᠭᠠᠯᠲᠠ ᠬᠢᠨ᠎ᠡ᠃ ③ ᠨᠢᠯᠬ᠎ᠠ ᠬᠡᠤᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠄ ᠨᠢᠯᠬ᠎ᠠ ᠬᠡᠤᠬᠡᠳ ᠰᠠᠷ᠎ᠠ | ᠳᠦᠭᠦᠷᠦᠭᠡᠳ ᠪᠦᠬᠦᠯᠢ 3 ᠨᠠᠰᠤ ᠬᠦᠷᠬᠦ ᠠᠴᠠ ᠡᠮᠦᠨ᠎ᠡ 8 ᠤᠳᠠᠭ᠎ᠠ ᠡᠷᠡᠭᠦᠯ ᠮᠡᠨᠳᠦ ᠶᠢᠨ ᠪᠠᠶᠢᠴᠠᠭᠠᠯᠲᠠ ᠬᠢᠨ᠎ᠡ᠂ | 1 ᠣᠢ ᠲᠣᠲᠣᠷ᠎ᠠ ᠨᠢᠯᠬ᠎ᠠ ᠬᠡᠤᠬᠡᠳ ᠢ ᠵᠢᠯ ᠳᠤ 4 ᠤᠳᠠᠭ᠎ᠠ᠂ 1 - 3 ᠨᠠᠰᠤᠨ ᠤ ᠬᠡᠤᠬᠡᠳ ᠢ ᠵᠢᠯ ᠳᠤ 2 | ᠤᠳᠠᠭ᠎ᠠ᠃ ④ ᠰᠤᠷᠬᠤ ᠨᠠᠰᠤᠨ ᠠᠴᠠ ᠡᠮᠦᠨᠡᠬᠢ ᠬᠡᠤᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠄ 4 - 6 | ᠨᠠᠰᠤᠨ ᠤ ᠬᠡᠤᠬᠡᠳ ᠲᠤ ᠵᠢᠯ ᠪᠦᠷᠢ ᠨᠢᠭᠡ ᠤᠳᠠᠭ᠎ᠠ ᠡᠷᠡᠭᠦᠯ ᠮᠡᠨᠳᠦ ᠶᠢᠨ ᠪᠠᠶᠢᠴᠠᠭᠠᠯᠲᠠ ᠬᠢᠨ᠎ᠡ᠃ ⑤ ᠬᠢᠲᠠᠳ | ᠡᠮᠨᠡᠯᠭᠡ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ᠄ 0 - 36 ᠰᠠᠷ᠎ᠠ ᠶᠢᠨ ︵3 ᠪᠦᠬᠦᠯᠢ | ᠨᠠᠰᠣᠨ︶ ᠬᠤᠭᠤᠷᠣᠨᠳᠣ᠂ ᠡᠮᠴᠢ ᠭᠡᠷ ᠤᠨ ᠠᠬᠠᠮᠠᠳ ᠲᠤ ᠬᠡᠤᠬᠡᠳ ᠤᠨ ᠬᠢᠲᠠᠳ ᠡᠮᠨᠡᠯᠭᠡ ᠶᠢᠨ ᠡᠷᠡᠭᠦᠯ ᠮᠡᠨᠳᠦ ᠶᠢ | ᠬᠠᠮᠠᠭᠠᠯᠠᠬᠤ ᠮᠡᠳᠡᠯᠭᠡ ᠪᠠ ᠡᠷᠡᠭᠦᠯ ᠮᠡᠨᠳᠦ ᠶᠢ ᠬᠠᠮᠠᠭᠠᠯᠠᠬᠤ ᠢᠯᠢᠵᠦ ᠨᠤᠬᠤᠯᠠᠬᠤ ᠮᠡᠷᠭᠡᠵᠢᠯ ᠢ 6 ᠤᠳᠠᠭ᠎ᠠ ᠵᠢᠭᠠᠵᠤ | ᠥᠭᠭᠦᠨ᠎ᠡ᠃ |