ᠨᠢᠷᠠᠶ ᠬᠡᠤᠬᠡᠳ ᠤᠨ ᠭᠡᠷ ᠪᠦᠯᠢ ᠶᠢᠨ ᠰᠤᠷᠪᠤᠯᠵᠢᠯᠠᠭ᠎ᠠ ᠨᠢ ᠶᠠᠮᠠᠷ ᠠᠭᠤᠯᠭ᠎ᠠ ᠶᠢ ᠪᠠᠭᠲᠠᠭᠠᠬᠤ ᠪᠣᠢ︖
ᠨᠡᠶᠢᠲᠡᠯᠡᠭᠰᠡᠨ ᠴᠠᠭ᠄
2024/3/19
     ᠨᠢᠷᠠᠶ ᠬᠡᠤᠬᠡᠳ ᠤᠨ ᠪᠡᠶ᠎ᠡ ᠶᠢᠨ ᠡᠯ᠎ᠡ ᠡᠷᠬᠡᠲᠡᠨ ᠤ ᠠᠵᠢᠯᠯᠠᠭ᠎ᠠ ᠶᠢᠨ ᠪᠤᠶᠢᠵᠢᠯᠲᠠ ᠨᠢ ᠬᠠᠷᠠᠬᠠᠨ ᠪᠣᠯᠪᠠᠰᠤᠷᠠᠭᠠᠳᠤᠶ᠂ ᠭᠠᠳᠠᠭᠠᠳᠤ ᠣᠷᠴᠢᠨ ᠤ ᠬᠤᠪᠢᠷᠠᠯᠲᠠ ᠳᠤ ᠵᠣᠬᠢᠴᠠᠬᠤ ᠴᠢᠳᠠᠪᠣᠷᠢ ᠠᠨᠠᠶ᠂ ᠬᠠᠯᠳᠠᠪᠤᠷᠢᠯᠠᠯ ᠢ ᠡᠰᠡᠷᠭᠦᠴᠡᠬᠦ ᠴᠢᠳᠠᠪᠤᠷᠢ ᠨᠢ ᠳᠣᠷᠣᠢ᠂ ᠠᠮᠢ ᠨᠠᠰᠤᠨ ᠤ ᠬᠠᠮᠤᠭ ᠬᠡᠪᠡᠷᠡᠭ ᠬᠤᠭᠤᠴᠠᠭ᠎ᠠ ᠪᠣᠯᠤᠨ᠎ᠠ᠃ ᠡᠶᠢᠮᠦ ᠠᠴᠠ ᠰᠠᠶ᠋ᠢ ᠲᠥᠷᠥᠭᠰᠡᠨ ᠬᠡᠤᠬᠡᠳ ᠡᠮᠨᠡᠯᠭᠡ ᠠᠴᠠ ᠭᠠᠷᠤᠭᠰᠠᠨ ᠤ ᠳᠠᠷᠠᠭ᠎ᠠ ᠨᠢᠭᠡ ᠭᠠᠷᠠᠭ ᠤᠨ ᠳᠣᠲᠣᠷ᠎ᠠ᠂ ᠡᠮᠨᠡᠯᠭᠡ ᠶᠢᠨ ᠠᠵᠢᠯᠲᠠᠨ ᠭᠡᠷ ᠲᠡᠭᠡᠨ ᠬᠦᠷᠴᠦ ᠰᠠᠶ᠋ᠢ ᠲᠥᠷᠥᠭᠰᠡᠨ ᠬᠡᠤᠬᠡᠳ ᠢ ᠡᠷᠭᠢᠵᠦ ᠦᠵᠡᠵᠤ ᠰᠣᠷᠪᠣᠯᠵᠢᠯᠠᠭ᠎ᠠ ᠬᠢᠨ᠎ᠡ᠃ ᠡᠭᠦᠨ ᠳᠤ ᠭᠤᠤᠯᠳᠠᠭᠤ᠄①ᠬᠡᠤᠬᠡᠳ ᠤᠨ ᠲᠦᠷᠦᠭᠦ ᠦᠶ᠎ᠡ ᠪᠣᠯᠤᠨ ᠰᠡᠷᠭᠡᠶᠢᠯᠡᠬᠦ ᠲᠠᠷᠢᠯᠭ᠎ᠠ ᠶᠢᠨ ᠪᠠᠶᠢᠳᠠᠯ ᠵᠢᠴᠢ ᠨᠢᠷᠠᠶ ᠬᠡᠤᠬᠡᠳ ᠤᠨ ᠰᠣᠨᠣᠷ ᠪᠣᠯᠤᠨ ᠡᠪᠡᠳᠴᠢᠨ ᠡᠮᠭᠡᠭ ᠢ ᠰᠢᠭᠰᠢᠨ ᠪᠠᠶᠢᠴᠠᠭᠠᠭᠰᠠᠨ ᠪᠠᠶᠢᠳᠠᠯ ᠢ ᠣᠢᠯᠠᠭᠠᠨ᠎ᠠ︔ ② ᠭᠡᠷ ᠤᠨ ᠣᠷᠴᠢᠨ ᠲᠣᠭᠤᠷᠢᠨ ᠢ ᠠᠵᠢᠭᠯᠠᠵᠤ᠂ ᠰᠠᠷ᠎ᠠ ᠳᠠᠬᠢ ᠬᠡᠤᠬᠡᠳ ᠤᠨ ᠡᠮᠨᠡᠯᠭᠡ ᠠᠴᠠ ᠭᠠᠷᠤᠭᠰᠠᠨ ᠤ ᠳᠠᠷᠠᠭᠠᠬᠢ ᠬᠥᠬᠦᠭᠦᠯᠬᠦ᠂ ᠤᠨᠲᠠᠬᠤ᠂ ᠬᠤᠷᠭᠤᠰᠣ᠂ ᠬᠦᠢᠰᠦᠨ ᠤ ᠬᠡᠰᠡᠭ ᠪᠠ ᠬᠤᠰᠬᠢᠨᠠᠭ ᠤᠨ ᠪᠠᠶᠢᠳᠠᠯ ᠢ ᠠᠰᠠᠭᠤᠨ ᠯᠠᠪᠯᠠᠵᠤ᠂ ᠴᠢᠬᠤᠯᠠ ᠲᠠᠢ ᠣᠶᠢᠶ᠎ᠠ ᠳᠤ ᠠᠷᠠᠰᠤ ᠪᠠᠷ ᠨᠢ ᠰᠢᠷᠠᠯᠠᠯ ᠤᠨ ᠵᠢᠭᠠᠯᠲᠠ ᠲᠤᠭ᠎ᠠ ᠶᠢ ᠰᠢᠯᠭᠠᠨ᠎ᠠ᠃ ③ ᠨᠢᠷᠠᠶ ᠬᠡᠤᠬᠡᠳ ᠤᠨ ᠪᠡᠶ᠎ᠡ ᠶᠢᠨ ᠬᠠᠯᠠᠭᠤᠨ᠂ ᠦᠵᠡᠭᠳᠡᠬᠦ ᠦᠶ᠎ᠡ ᠶᠢᠨ ᠪᠡᠶ᠎ᠡ ᠶᠢᠨ ᠬᠦᠨᠳᠦ᠂ ᠪᠡᠶ᠎ᠡ ᠶᠢᠨ ᠥᠨᠳᠥᠷ ᠢ ᠲᠡᠮᠳᠡᠭᠯᠡᠵᠦ᠂ ᠪᠡᠶ᠎ᠡ ᠶᠢᠨ ᠪᠠᠶᠢᠴᠠᠭᠠᠯᠲᠠ ᠬᠢᠨ᠎ᠡ᠃ ④ ︽ᠡᠬᠡ ᠨᠢᠯᠬᠠᠰ ᠤᠨ ᠡᠷᠡᠭᠦᠯ ᠮᠡᠨᠳᠦ ᠶᠢᠨ ᠭᠠᠷ ᠳᠡᠪᠲᠡᠷ︾᠎ ᠢ ᠪᠠᠶᠢᠭᠤᠯᠤᠨ᠎ᠠ᠃⑤ ᠭᠡᠷ ᠤᠨ ᠠᠬᠠᠮᠠᠳ ᠲᠤ ᠬᠥᠬᠦᠭᠦᠯᠬᠦ᠂ ᠪᠤᠶᠢᠵᠢᠬᠤ᠂ ᠡᠪᠡᠳᠴᠢᠨ ᠢ ᠰᠡᠷᠭᠡᠶᠢᠯᠡᠬᠦ᠂ ᠭᠡᠮᠲᠦᠯ ᠰᠢᠷᠬᠠᠲᠤᠯ ᠢ ᠰᠡᠷᠭᠡᠶᠢᠯᠡᠬᠦ ᠪᠠ ᠠᠮᠠᠨ ᠬᠦᠨᠳᠡᠢ ᠶᠢᠨ ᠡᠷᠡᠭᠦᠯ ᠮᠡᠨᠳᠦ ᠶᠢ ᠬᠠᠮᠠᠭᠠᠯᠠᠬᠤ ᠵᠢᠯᠣᠭᠤᠳᠣᠯᠭ᠎ᠠ ᠬᠢᠵᠦ᠂ ᠰᠠᠷ᠎ᠠ ᠳᠠᠬᠢ ᠬᠡᠤᠬᠡᠳ ᠲᠤ ᠰᠦᠷᠢᠶ᠎ᠡ ᠶᠢᠨ ᠸᠠᠺᠼᠢᠨ ᠲᠠᠷᠢᠯᠭ᠎ᠠ ᠪᠠ ᠨᠢᠭᠡᠳᠦᠭᠡᠷ ᠤᠳᠠᠭᠠᠨ ᠤ ᠡᠯᠢᠭᠡᠨ ᠤ B ᠦᠷᠪᠢᠰᠦᠯ ᠤᠨ ᠸᠠᠺᠼᠢᠨ ᠢ ᠲᠠᠷᠢᠭᠰᠠᠨ ᠥᠬᠡᠶ ᠪᠠᠶᠢᠪᠠᠯ᠂ ᠳᠠᠷᠦ᠋ᠢᠬᠠᠨ ᠨᠥᠬᠦᠵᠦ ᠲᠠᠷᠢᠬᠤ ᠶᠢ ᠭᠡᠷ ᠤᠨ ᠠᠬᠠᠮᠠᠳ ᠲᠤ ᠰᠠᠨᠠᠭᠤᠯᠤᠨ᠎ᠠ᠃ ᠬᠡᠷᠪᠡ ᠨᠢᠷᠠᠶ ᠬᠡᠤᠬᠡᠳ ᠤᠨ ᠡᠪᠡᠳᠴᠢᠨ ᠢ ᠰᠢᠭᠰᠢᠨ ᠪᠠᠶᠢᠴᠠᠭᠠᠬᠤ ᠶᠢ ᠬᠦᠯᠢᠶᠡᠬᠦ ᠦᠭᠡᠢ ᠪᠣᠯ ᠭᠡᠷ ᠤᠨ ᠠᠬᠠᠮᠠᠳ ᠲᠤ ᠰᠢᠭᠰᠢᠨ ᠪᠠᠶᠢᠴᠠᠭᠠᠬᠤ ᠨᠥᠬᠦᠴᠡᠯ ᠪᠦᠬᠦᠢ ᠪᠠᠶᠢᠭᠤᠯᠤᠮᠵᠢ ᠳᠤ ᠣᠴᠢᠵᠤ ᠨᠥᠬᠦᠵᠦ ᠰᠢᠭᠰᠢᠨ ᠪᠠᠶᠢᠴᠠᠭᠠᠬᠤ ᠶᠢ ᠮᠡᠳᠡᠭᠳᠡᠨ᠎ᠡ᠃⑥ ᠦᠵᠡᠭᠳᠡᠬᠦ ᠦᠶ᠎ᠡ ᠶᠢᠨ ᠪᠡᠶ᠎ᠡ ᠶᠢᠨ ᠬᠦᠨᠳᠦ ᠨᠢ ᠳᠣᠤᠷ᠎ᠠ᠂ ᠡᠷᠲᠡ ᠦᠵᠡᠭᠳᠡᠭᠰᠡᠨ᠂ ᠵᠦᠢᠷᠡᠢ ᠬᠡᠣᠬᠡᠳ ᠣᠯᠠᠨ ᠬᠡᠤᠬᠡᠳ ᠪᠤᠶᠤ ᠵᠡᠷᠡᠮᠳᠡᠭ ᠬᠡᠤᠬᠡᠳ ᠲᠥᠷᠥᠭᠰᠡᠨ ᠵᠡᠷᠭᠡ ᠠᠶᠤᠯ ᠲᠦᠭᠰᠢᠭᠦᠷᠢᠲᠡᠶ ᠬᠦᠴᠦᠨ ᠵᠦᠢᠯ ᠪᠦᠬᠦᠢ ᠨᠢᠷᠠᠶ ᠬᠡᠤᠬᠡᠳ ᠤᠨ ᠪᠣᠳᠠᠲᠠᠶ ᠪᠠᠶᠢᠳᠠᠯ ᠢ ᠦᠨᠳᠦᠰᠦᠯᠡᠨ ᠭᠡᠷ ᠪᠦᠯᠢ ᠶᠢᠨ ᠠᠶᠢᠯᠴᠢᠯᠠᠨ ᠦᠵᠡᠬᠦ ᠤᠳᠠᠭ᠎ᠠ ᠶᠢ ᠨᠡᠮᠡᠭᠳᠡᠭᠦᠯᠦᠨ᠎ᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号