ᠨᠢᠷᠠᠶ ᠬᠡᠤᠬᠡᠳ ᠤᠨ ᠡᠪᠡᠳᠴᠢᠨ ᠢ ᠰᠢᠭᠰᠢᠨ ᠪᠠᠶᠢᠴᠠᠭᠠᠬᠤ ᠳᠤ ᠭᠤᠤᠯᠳᠠᠭᠤ ᠶᠠᠮᠠᠷ ᠶᠠᠮᠠᠷ ᠡᠪᠡᠳᠴᠢᠨ ᠪᠠᠭᠲᠠᠬᠤ ᠪᠣᠢ︖
ᠨᠡᠶᠢᠲᠡᠯᠡᠭᠰᠡᠨ ᠴᠠᠭ᠄
2024/3/19
ᠨᠢᠷᠠᠶ ᠬᠡᠤᠬᠡᠳ ᠤᠨ ᠡᠪᠡᠳᠴᠢᠨ ᠢ ᠰᠢᠭᠰᠢᠨ ᠪᠠᠶᠢᠴᠠᠭᠠᠬᠤ ᠳᠤ ᠭᠤᠤᠯᠳᠠᠭᠤ ᠶᠠᠮᠠᠷ ᠶᠠᠮᠠᠷ ᠡᠪᠡᠳᠴᠢᠨ ᠪᠠᠭᠲᠠᠬᠤ ᠪᠣᠢ ᠨᠢᠷᠠᠶ ᠬᠡᠤᠬᠡᠳ ᠤᠨ ᠡᠪᠡᠳᠴᠢᠨ ᠢ ᠰᠢᠭᠰᠢᠨ ᠪᠠᠶᠢᠴᠠᠭᠠᠬᠤ ᠨᠢ ᠮᠠᠰᠢ ᠴᠢᠬᠤᠯᠠ ᠪᠠᠶᠢᠳᠠᠭ᠃ ᠨᠢᠷᠠᠶ ᠬᠡᠤᠬᠡᠳ ᠤᠨ ᠡᠷᠡᠭᠦᠯ ᠮᠡᠨᠳᠦ ᠶᠢ ᠬᠦᠨᠳᠦ ᠨᠣᠴᠢᠲᠠᠶ ᠨᠥᠯᠥᠭᠡᠯᠡᠬᠦ ᠡᠪᠡᠳᠴᠢᠨ ᠢ ᠡᠷᠲᠡ ᠢᠯᠡᠷᠡᠭᠦᠯᠵᠣ᠂ ᠡᠷᠲᠡ ᠠᠴᠠ ᠰᠡᠷᠭᠡᠶᠢᠯᠡᠬᠦ ᠪᠠ ᠡᠮᠨᠡᠨ ᠵᠠᠰᠠᠬᠤ ᠠᠷᠭ᠎ᠠ ᠬᠡᠮᠵᠢᠶ᠎ᠡ ᠠᠪᠴᠤ ᠶᠢᠨ ᠲᠥᠯᠥᠭᠡ᠂ ᠨᠢᠷᠠᠶ ᠬᠡᠤᠬᠡᠳ ᠲᠤ ᠰᠢᠭᠰᠢᠨ ᠪᠠᠶᠢᠴᠠᠭᠠᠯᠲᠠ ᠬᠢᠬᠦ ᠬᠡᠷᠡᠭᠲᠡᠶ᠃ ︽ᠰᠠᠶ᠋ᠢ ᠲᠥᠷᠥᠭᠰᠡᠨ ᠬᠡᠤᠬᠡᠳ ᠤᠨ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ ᠬᠠᠮᠢᠶᠠᠷᠤᠯᠲᠠ ᠶᠢᠨ ᠠᠷᠭ᠎ᠠ︾᠎ ᠳᠤ ᠰᠠᠶ᠋ᠢ ᠲᠥᠷᠥᠭᠰᠡᠨ ᠬᠡᠤᠬᠡᠳ ᠤᠨ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ ᠳᠤ ᠲᠥᠷᠥᠯᠬᠢ ᠶᠢᠨ ᠬᠤᠯᠬᠤᠪᠴᠢ ᠶᠢᠨ ᠠᠵᠢᠯᠯᠠᠭ᠎ᠠ᠂ ᠹᠧᠨᠢᠯᠲᠦ ᠫᠷᠣᠫᠠ ᠺᠧᠲ᠋ᠣᠨ ᠰᠢᠭᠡᠰᠦᠨ ᠡᠪᠡᠳᠴᠢᠨ ᠵᠢᠴᠢ ᠪᠤᠰᠤᠳ ᠤᠳᠤᠮᠰᠢᠯ ᠤᠨ ᠡᠪᠡᠳᠴᠢᠨ ᠵᠡᠷᠭᠡ ᠪᠠᠭᠲᠠᠨ᠎ᠠ᠃ ᠡᠭᠦᠨ ᠠᠴᠠ ᠭᠠᠳᠠᠨ᠎ᠠ ᠪᠠᠰᠠ ᠨᠢᠷᠠᠶ ᠬᠡᠤᠬᠡᠳ ᠲᠤ ᠰᠣᠨᠣᠷ ᠤᠨ ᠴᠢᠳᠠᠪᠤᠷᠢ ᠶᠢᠨ ᠰᠢᠭᠰᠢᠨ ᠪᠠᠶᠢᠴᠠᠭᠠᠯᠲᠠ ᠬᠢᠬᠦ ᠬᠡᠷᠡᠭᠲᠡᠶ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号