2024 ᠣᠨ ᠤ ᠥᠪᠥᠷ ᠮᠣᠩᠭᠤᠯ ᠤᠨ ︽ᠮᠥᠩᠭᠦᠨ ᠭᠦᠢᠯᠭᠡᠭᠡᠨ ᠤ ᠬᠦᠴᠦᠨ ᠢ ᠬᠤᠷᠠᠮᠳᠤᠭᠤᠯᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ︾ ᠵᠠᠰᠠᠭ ᠤᠨ ᠣᠷᠳᠣᠨ ᠮᠦᠩᠭᠦᠨ ᠭᠦᠢᠯᠭᠡᠭᠡ ᠠᠵᠤ ᠠᠬᠤᠶᠢᠯᠠᠯ ᠤᠨ ᠵᠣᠯᠭᠠᠭᠤᠯᠬᠤ ᠬᠤᠷᠠᠯ ᠬᠤᠷᠠᠯᠳᠤᠪᠠ ᠬᠤᠸᠠᠩ ᡁᠢ ᠴᠢᠶᠠᠩ ᠬᠤᠷᠠᠯ ᠳᠤ ᠣᠷᠣᠯᠴᠠᠵᠤ ᠶᠠᠩ ᠶᠢᠨ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2024/3/19
   2 ᠳ᠋ᠤᠭᠠᠷ ᠰᠠᠷ᠎ᠠ ᠶᠢᠨ 21᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠭᠤᠣᠯᠯᠠᠨ ᠡᠷᠭᠢᠯᠡᠭᠰᠡᠨ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠥᠩᠭᠦᠨ ᠭᠦᠢᠯᠭᠡᠭᠡᠨ ᠤ ᠬᠦᠴᠦᠨ ᠢ ᠬᠤᠷᠠᠮᠳᠤᠭᠤᠯᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ﹀ ᠵᠠᠰᠠᠭ ᠤᠨ ᠣᠷᠳᠣᠨ ᠮᠦᠩᠭᠦᠨ ᠭᠦᠢᠯᠭᠡᠭᠡ ᠠᠵᠤ ᠠᠬᠤᠶᠢᠯᠠᠯ ᠤᠨ ᠵᠣᠯᠭᠠᠭᠤᠯᠬᠤ ᠬᠤᠷᠠᠯ︾᠎ ᠢ ᠬᠥᠬᠡᠬᠤᠲᠠᠨ᠎ᠠ ᠬᠤᠷᠠᠯᠳᠤᠭᠤᠯᠪᠠ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠪᠠᠶᠠᠷ ᠤᠨ ᠦᠭᠡ ᠬᠡᠯᠡᠵᠡᠢ᠃    ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠠᠯᠪᠠᠨ ᠭᠡᠷ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠨᠧᠷᠭᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠭᠰᠡᠨ ᠪᠥᠭᠡᠳ ᠠᠵᠢᠯ ᠲᠥᠷᠥᠯ ᠤᠨ ᠬᠦᠷᠢᠶᠡᠨ ᠳᠠᠬᠢ ᠪᠡᠯᠡ ᠳᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠨᠡᠶᠢᠲᠡᠯᠡᠵᠡᠢ᠃ 4 ᠮᠥᠩᠭᠦᠨ ᠭᠦᠢᠯᠭᠡᠭᠡᠨ ᠤ ᠪᠠᠶᠢᠭᠤᠯᠤᠮᠵᠢ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠳᠤ ᠴᠢᠭᠯᠡᠭᠦᠯᠦᠨ ᠮᠥᠩᠭᠦᠨ ᠭᠦᠢᠯᠭᠡᠭᠡᠨ ᠢᠶᠠᠷ ᠳᠡᠮᠵᠢᠬᠦ ᠠᠷᠭ᠎ᠠ ᠬᠡᠮᠵᠢᠶ᠎ᠡ ᠶᠢ ᠳᠤᠷᠠᠳᠴᠠᠢ᠃    ᠬᠤᠷᠠᠯ ᠳᠤ᠂ ᠪᠡᠯᠡ ᠳᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠲᠠᠢ 3567 ᠲᠥᠰᠦᠯ ᠢ ᠡᠮᠬᠢᠯᠡᠪᠡ᠃ ᠥᠪᠡᠷᠲᠡᠭᠡᠨ ᠵᠠᠰᠠᠬᠤ ᠣᠷᠣᠨ ᠤ 17 ᠰᠠᠯᠠᠭ᠎ᠠ ᠮᠥᠴᠢᠷ᠂ 38 ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ 95 ᠡᠯ᠎ᠡ ᠲᠦᠷᠦᠯ ᠤᠨ ᠠᠵᠤ ᠠᠬᠤᠶᠢᠯᠠᠯ ᠤᠳ ᠬᠥᠬᠡᠬᠤᠲᠠ ᠶᠢᠨ ᠭᠤᠣᠯ ᠬᠤᠷᠠᠯ ᠤᠨ ᠲᠠᠯᠠᠪᠠᠢ ᠳᠤ ᠣᠷᠣᠯᠴᠠᠵᠠᠢ᠃ ᠡᠯ᠎ᠡ ᠠᠶᠢᠮᠠᠭ ᠬᠤᠲᠠ ᠨᠤᠭᠤᠳ ᠬᠤᠷᠠᠯ ᠤᠨ ᠬᠤᠪᠢᠶᠠᠷᠢ ᠲᠠᠯᠠᠪᠠᠶ ᠭᠠᠷᠭᠠᠨ᠂ ᠰᠦᠯᠵᠢᠶᠡᠨ ᠳᠡᠭᠡᠷ᠎ᠡ ᠬᠤᠯᠪᠤᠭᠳᠠᠨ ᠬᠥᠳᠡᠯᠦᠯᠴᠡᠬᠦ ᠠᠷᠭ᠎ᠠ ᠪᠠᠷ ᠭᠤᠣᠯ ᠬᠤᠷᠠᠯ ᠤᠨ ᠲᠠᠯᠠᠪᠠᠶ ᠲᠠᠢ ᠵᠡᠷᠭᠡᠳᠡ ᠨᠢᠭᠡᠳᠦᠯᠲᠡᠢ ᠪᠠᠷ ᠭᠡᠷ᠎ᠡ ᠲᠣᠭᠲᠠᠭᠰᠠᠨ ᠪᠠᠶᠢᠨ᠎ᠠ᠃ ᠪᠥᠬᠦ ᠣᠷᠣᠨ ᠳᠤ ᠪᠡᠯᠡ ᠳᠣᠬᠢᠷᠠᠭᠤᠯᠬᠤ ᠬᠦᠰᠡᠯᠲᠡ ᠲᠠᠢ ᠲᠥᠰᠦᠯ ᠢ ᠨᠡᠶᠢᠲᠡ 1067 ᠳᠣᠬᠢᠷᠠᠯᠴᠠᠵᠤ᠂ ᠳᠣᠬᠢᠷᠠᠭᠰᠠᠨ ᠵᠣᠭᠤᠰ ᠤᠨ ᠲᠤᠭ᠎ᠠ ᠨᠢ 3478 ᠳ᠋ᠦᠩᠰᠢᠭᠤᠷ ᠲᠥᠭᠦᠷᠢᠭ ᠪᠣᠯᠣᠨ᠎ᠠ᠃    ᠬᠤᠷᠠᠯ ᠳᠤ ᠪᠠᠰᠠ ᠲᠤᠬᠠᠢ ᠶᠢᠨ ᠲᠠᠯᠠᠪᠠᠢ ᠪᠠ ᠰᠦᠯᠵᠢᠶᠡᠨ ᠳᠡᠭᠡᠷ᠎ᠡ ᠵᠡᠷᠭᠡ ᠪᠠᠷ ︽ᠮᠥᠩᠭᠦᠨ ᠭᠦᠢᠯᠭᠡᠭᠡᠨ ᠤ ᠬᠡᠳᠦ ᠳᠡᠯᠭᠡᠭᠦᠷ︾᠎ ᠢ ᠪᠠᠶᠢᠭᠤᠯᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠲᠤᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号