0 - 6 ᠨᠠᠰᠤᠨ ᠤ ᠬᠡᠤᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠳᠤ ᠶᠠᠮᠠᠷ ᠶᠠᠮᠠᠷ ᠠᠭᠤᠯᠭ᠎ᠠ ᠪᠠᠭᠲᠠᠬᠤ ᠪᠣᠢ︖
ᠨᠡᠶᠢᠲᠡᠯᠡᠭᠰᠡᠨ ᠴᠠᠭ᠄
2024/3/19
     0 - 6 ᠨᠠᠰᠤᠨ ᠤ ᠬᠡᠤᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠬᠦ ᠡᠲᠡᠭᠡᠳ ᠪᠣᠯ ᠬᠠᠷᠢᠶᠠᠲᠤ ᠣᠷᠣᠨ ᠤ ᠪᠠᠶᠢᠩᠭᠤ ᠰᠠᠭᠤᠭ᠎ᠠ 0 - 6 ᠨᠠᠰᠤᠨ ᠤ ᠬᠡᠤᠬᠡᠳ ᠪᠣᠯᠤᠨ᠎ᠠ᠃ ᠬᠠᠮᠢᠶᠠᠷᠤᠯᠲᠠ ᠶᠢᠨ ᠠᠭᠤᠯᠭ᠎ᠠ ᠳᠤ᠄① ᠰᠠᠶ᠋ᠢ ᠲᠥᠷᠥᠭᠰᠡᠨ ᠬᠡᠤᠬᠡᠳ ᠤᠨ ᠭᠡᠷ ᠪᠦᠯᠢ ᠶᠢ ᠠᠶᠢᠯᠴᠢᠯᠠᠨ ᠦᠵᠡᠬᠦ᠄ ᠰᠠᠶ᠋ᠢ ᠲᠥᠷᠥᠭᠰᠡᠨ ᠬᠡᠤᠬᠡᠳ ᠤᠨ ᠡᠮᠨᠡᠯᠭᠡ ᠠᠴᠠ ᠭᠠᠷᠤᠭᠰᠠᠨ ᠤ ᠳᠠᠷᠠᠭᠠᠬᠢ ᠨᠢᠭᠡ ᠭᠠᠷᠠᠭ ᠤᠨ ᠳᠣᠲᠣᠷ᠎ᠠ᠂ ᠡᠮᠨᠡᠯᠭᠡ ᠶᠢᠨ ᠠᠵᠢᠯᠲᠠᠨ ᠭᠡᠷ  ᠲᠤ ᠨᠢ ᠢᠷᠡᠵᠦ ᠰᠠᠶ᠋ᠢ ᠲᠥᠷᠥᠭᠰᠡᠨ ᠬᠡᠤᠬᠡᠳ ᠢ ᠠᠶᠢᠯᠴᠢᠯᠠᠨ ᠦᠵᠡᠬᠦ ② ᠰᠠᠷ᠎ᠠ ᠳᠠᠬᠢ ᠬᠡᠤᠬᠡᠳ ᠤᠨ ᠰᠠᠷ᠎ᠠ ᠳᠦᠭᠦᠷᠲᠡᠯᠡᠬᠢ ᠡᠷᠡᠭᠦᠯ ᠮᠡᠨᠳᠦ ᠶᠢᠨ ᠬᠠᠮᠢᠶᠠᠷᠤᠯᠲᠠ᠄ ᠰᠠᠷ᠎ᠠ ᠳᠠᠬᠢ ᠬᠡᠤᠬᠡᠳ ᠢ ᠲᠥᠷᠥᠭᠰᠡᠨ ᠤ ᠳᠠᠷᠠᠭ᠎ᠠ 28 - 30 ᠬᠤᠨᠤᠭ ᠲᠤ ᠡᠯᠢᠭᠡᠨ ᠤ B ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠬᠤᠶᠠᠳᠤᠭᠠᠷ ᠵᠡᠭᠦᠯᠡᠯ ᠲᠠᠢ ᠤᠶᠠᠯᠳᠤᠭᠤᠯᠤᠨ᠂ ᠭᠡᠷ ᠤᠨ ᠠᠬᠠᠮᠠᠳ ᠨᠢ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠤᠶᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠠᠪᠠᠴᠢᠵᠤ ᠡᠷᠡᠭᠦᠯ ᠮᠡᠨᠳᠦ ᠶᠢᠨ ᠪᠠᠶᠢᠴᠠᠭᠠᠯᠲᠠ ᠬᠢᠨ᠎ᠡ᠃ ③ ᠨᠢᠯᠬ᠎ᠠ ᠬᠡᠤᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠄ ᠨᠢᠯᠬ᠎ᠠ ᠬᠡᠤᠬᠡᠳ ᠰᠠᠷ᠎ᠠ ᠳᠦᠭᠦᠷᠦᠭᠡᠳ ᠪᠦᠬᠦᠯᠢ 3 ᠨᠠᠰᠤ ᠬᠦᠷᠬᠦ ᠠᠴᠠ ᠡᠮᠦᠨ᠎ᠡ 8 ᠤᠳᠠᠭ᠎ᠠ ᠡᠷᠡᠭᠦᠯ ᠮᠡᠨᠳᠦ ᠶᠢᠨ ᠪᠠᠶᠢᠴᠠᠭᠠᠯᠲᠠ ᠬᠢᠨ᠎ᠡ᠂ 1 ᠣᠢ ᠲᠣᠲᠣᠷ᠎ᠠ ᠨᠢᠯᠬ᠎ᠠ ᠬᠡᠤᠬᠡᠳ ᠢ ᠵᠢᠯ ᠳᠤ 4 ᠤᠳᠠᠭ᠎ᠠ᠂ 1 - 3 ᠨᠠᠰᠤᠨ ᠤ ᠬᠡᠤᠬᠡᠳ ᠢ ᠵᠢᠯ ᠳᠤ 2 ᠤᠳᠠᠭ᠎ᠠ᠃ ④ ᠰᠤᠷᠬᠤ ᠨᠠᠰᠤᠨ ᠠᠴᠠ ᠡᠮᠦᠨᠡᠬᠢ ᠬᠡᠤᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠄ 4 - 6 ᠨᠠᠰᠤᠨ ᠤ ᠬᠡᠤᠬᠡᠳ ᠲᠤ ᠵᠢᠯ ᠪᠦᠷᠢ ᠨᠢᠭᠡ ᠤᠳᠠᠭ᠎ᠠ ᠡᠷᠡᠭᠦᠯ ᠮᠡᠨᠳᠦ ᠶᠢᠨ ᠪᠠᠶᠢᠴᠠᠭᠠᠯᠲᠠ ᠬᠢᠨ᠎ᠡ᠃ ⑤ ᠬᠢᠲᠠᠳ ᠡᠮᠨᠡᠯᠭᠡ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ᠄ 0 - 36 ᠰᠠᠷ᠎ᠠ ᠶᠢᠨ ︵3 ᠪᠦᠬᠦᠯᠢ ᠨᠠᠰᠣᠨ︶ ᠬᠤᠭᠤᠷᠣᠨᠳᠣ᠂ ᠡᠮᠴᠢ ᠭᠡᠷ ᠤᠨ ᠠᠬᠠᠮᠠᠳ ᠲᠤ ᠬᠡᠤᠬᠡᠳ ᠤᠨ ᠬᠢᠲᠠᠳ ᠡᠮᠨᠡᠯᠭᠡ ᠶᠢᠨ ᠡᠷᠡᠭᠦᠯ ᠮᠡᠨᠳᠦ ᠶᠢ ᠬᠠᠮᠠᠭᠠᠯᠠᠬᠤ ᠮᠡᠳᠡᠯᠭᠡ ᠪᠠ ᠡᠷᠡᠭᠦᠯ ᠮᠡᠨᠳᠦ ᠶᠢ ᠬᠠᠮᠠᠭᠠᠯᠠᠬᠤ ᠢᠯᠢᠵᠦ ᠨᠤᠬᠤᠯᠠᠬᠤ ᠮᠡᠷᠭᠡᠵᠢᠯ ᠢ 6 ᠤᠳᠠᠭ᠎ᠠ ᠵᠢᠭᠠᠵᠤ ᠥᠭᠭᠦᠨ᠎ᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号