ᠨᠢᠯᠬ᠎ᠠ ᠬᠡᠤᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠳᠤ ᠶᠠᠮᠠᠷ ᠶᠠᠮᠠᠷ ᠠᠭᠤᠯᠭ᠎ᠠ ᠪᠠᠶᠢᠬᠤ ᠪᠣᠢ︖
ᠨᠡᠶᠢᠲᠡᠯᠡᠭᠰᠡᠨ ᠴᠠᠭ᠄
2024/3/19
     ᠨᠢᠯᠬ᠎ᠠ ᠬᠡᠤᠬᠡᠳ 3᠂ 6᠂ 8᠂ 12᠂ 18᠂ 24᠂ 30᠂ 36 ᠰᠠᠷ᠎ᠠ ᠪᠣᠯᠬᠤ ᠣᠶᠢᠶ᠎ᠠ ᠳᠤ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠪᠤᠶᠢᠳᠠ ᠪᠥᠭᠯᠡᠭᠦᠤ ᠭᠠᠵᠠᠷ ᠣᠷᠣᠨ ᠤ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠳᠠᠰᠤᠭ ᠲᠤ︶ ᠪᠤᠶᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠬᠦᠷᠴᠦ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠢ ᠨᠡᠶᠢᠲᠡ 8 ᠤᠳᠠᠭ᠎ᠠ ᠬᠦᠯᠢᠶᠡᠬᠦ ᠬᠡᠷᠡᠭᠲᠡᠶ᠃ ᠡᠭᠦᠨ ᠳᠤ᠄ ① ᠳᠡᠭᠡᠷ᠎ᠡ ᠤᠳᠠᠭ᠎ᠠ ᠠᠴᠠ ᠲᠤᠰ ᠤᠳᠠᠭᠠᠨ ᠤ ᠮᠥᠷᠳᠡᠨ ᠰᠤᠷᠪᠤᠯᠵᠢᠯᠠᠬᠤ ᠪᠣᠯᠲᠠᠯᠠᠬᠢ ᠨᠢᠯᠬ᠎ᠠ ᠬᠡᠤᠬᠡᠳ ᠤᠨ ᠬᠥᠬᠦᠬᠦ᠂ ᠡᠪᠡᠳᠴᠢᠯᠡᠭᠰᠡᠨ ᠵᠡᠷᠭᠡ ᠪᠠᠶᠢᠳᠠᠯ ᠢ ᠠᠰᠠᠭᠤᠨ ᠯᠠᠪᠯᠠᠨ᠎ᠠ᠃ ② ᠪᠡᠶ᠎ᠡ ᠶᠢᠨ ᠪᠠᠶᠢᠴᠠᠭᠠᠯᠲᠠ ᠬᠢᠵᠦ᠂ ᠥᠰᠥᠯᠲᠡ ᠪᠤᠶᠢᠵᠢᠯᠲᠠ ᠪᠠ ᠰᠡᠳᠬᠢᠴᠡ ᠶᠢᠨ ᠦᠢᠯᠡ ᠠᠵᠢᠯᠯᠠᠭ᠎ᠠ ᠶᠢᠨ ᠪᠤᠶᠢᠵᠢᠯᠲᠠ ᠶᠢᠨ ᠦᠨᠡᠯᠡᠯᠲᠡ ᠬᠢᠨ᠎ᠡ᠃③ ᠰᠢᠨᠵᠢᠯᠡᠬᠦ ᠤᠬᠠᠭᠠᠨᠴᠢ ᠪᠠᠷ ᠲᠡᠵᠢᠭᠡᠬᠦ ︵ᠵᠦᠶ ᠵᠣᠬᠢᠰᠲᠠᠶ ᠬᠤᠭᠤᠯᠠ ᠤᠮᠳᠠ ᠲᠣᠬᠢᠷᠠᠭᠤᠯᠬᠤ︶᠂ ᠥᠰᠥᠯᠲᠡ ᠪᠤᠶᠢᠵᠢᠯᠲᠠ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠭᠡᠮᠲᠦᠯ ᠰᠢᠷᠬᠠᠲᠤᠯ ᠢ ᠤᠷᠢᠳᠴᠢᠯᠠᠨ ᠰᠡᠷᠭᠡᠶᠢᠯᠡᠬᠦ᠂ ᠠᠮᠠᠨ ᠬᠦᠨᠳᠡᠢ ᠶᠢᠨ ᠡᠷᠡᠭᠦᠯ ᠮᠡᠨᠳᠦ ᠶᠢ ᠬᠠᠮᠠᠭᠠᠯᠠᠬᠤ ᠵᠡᠷᠭᠡ ᠡᠷᠡᠭᠦᠯ ᠮᠡᠨᠳᠦ ᠶᠢᠨ ᠵᠢᠯᠣᠭᠤᠳᠣᠯᠭ᠎ᠠ ᠬᠢᠨ᠎ᠡ᠃ ④ ᠨᠢᠯᠬ᠎ᠠ ᠨᠢᠷᠠᠶ ᠬᠡᠤᠬᠡᠳ 6 - 8᠂ 18᠂ 30 ᠰᠠᠷ᠎ᠠ ᠪᠣᠯᠬᠤ ᠣᠶᠢᠶ᠎ᠠ ᠳᠤ ᠲᠤᠰ ᠪᠦᠷᠢ ᠨᠢᠭᠡ ᠤᠳᠠᠭ᠎ᠠ ᠴᠢᠰᠤᠨ ᠤ ᠵᠤᠷᠰᠢᠯ ︵ᠪᠤᠶᠤ ᠴᠢᠰᠤᠨ ᠤ ᠤᠯᠠᠭᠠᠨ ᠤᠭᠤᠷᠠᠭ︶ ᠤᠨ ᠪᠠᠶᠢᠴᠠᠭᠠᠯᠲᠠ ᠬᠢᠨ᠎ᠡ᠃ ⑤ 6᠂ 12᠂ 24᠂ 36 ᠰᠠᠷ᠎ᠠ ᠳᠤ ᠲᠤᠰ ᠲᠤᠰ ᠨᠢᠭᠡ ᠤᠳᠠᠭ᠎ᠠ ᠰᠣᠨᠣᠷ ᠤᠨ ᠴᠢᠳᠠᠪᠤᠷᠢ ᠶᠢᠨ ᠰᠢᠭᠰᠢᠨ ᠪᠠᠶᠢᠴᠠᠭᠠᠯᠲᠠ ᠬᠢᠨ᠎ᠡ᠃ ⑥ ᠤᠳᠠᠭ᠎ᠠ ᠪᠦᠷᠢ ᠰᠡᠷᠭᠡᠶᠢᠯᠡᠬᠦ ᠲᠠᠷᠢᠯᠭ᠎ᠠ ᠬᠢᠬᠦ ᠠᠴᠠ ᠡᠮᠦᠨ᠎ᠡ ᠴᠡᠭᠡᠷᠯᠡᠬᠦ ᠵᠦᠢᠯ ᠪᠠᠶᠢᠬᠤ ᠡᠰᠡᠬᠦ ᠶᠢ ᠪᠠᠶᠢᠴᠠᠭᠠᠬᠤ ᠬᠡᠷᠡᠭᠲᠡᠶ᠂ ᠬᠡᠷᠪᠡ ᠴᠡᠭᠡᠷᠯᠡᠬᠦ ᠵᠦᠢᠯ ᠦᠭᠡᠢ ᠪᠣᠯ ᠪᠡᠶ᠎ᠡ ᠶᠢᠨ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ ᠸᠠᠺᠼᠢᠨ ᠤ ᠲᠠᠷᠢᠯᠭ᠎ᠠ ᠬᠢᠵᠦ ᠪᠣᠯᠤᠨ᠎ᠠ᠃⑦ 6᠂ 12᠂ 18᠂ 24᠂ 30᠂ 36 ᠰᠠᠷ᠎ᠠ ᠶᠢᠨ ᠣᠶᠢᠶ᠎ᠠ ᠳᠤ ᠡᠮᠴᠢ ᠭᠡᠷ ᠤᠨ ᠠᠬᠠᠮᠠᠳ ᠲᠤ ᠬᠡᠤᠬᠡᠳ ᠤᠨ ᠬᠢᠲᠠᠳ ᠡᠮᠨᠡᠯᠭᠡ ᠶᠢᠨ ᠡᠷᠡᠭᠦᠯ ᠮᠡᠨᠳᠦ ᠶᠢ ᠬᠠᠮᠠᠭᠠᠯᠠᠬᠤ ᠮᠡᠳᠡᠯᠭᠡ ᠪᠠ ᠡᠷᠡᠭᠦᠯ ᠮᠡᠨᠳᠦ ᠶᠢ ᠬᠠᠮᠠᠭᠠᠯᠠᠬᠤ ᠢᠯᠢᠵᠦ ᠨᠤᠬᠤᠯᠠᠬᠤ ᠮᠡᠷᠭᠡᠵᠢᠯ ᠢ ᠵᠢᠭᠠᠵᠤ ᠦᠭᠭᠦᠨ᠎ᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号