ᠳ᠋ᠠ ᠲᠠᠩ ᠤᠨ ᠢᠯᠠᠯᠳᠠ ᠵᠡᠭᠦᠨ ᠬᠤᠶᠠᠳᠤᠭᠠᠷ ᠨᠣᠮᠧᠷᠲᠤ ᠠᠭᠤᠷᠬᠠᠢ ᠪᠥᠬᠦ ᠲᠠᠯ᠎ᠠ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ  ᠪᠡᠶᠡᠯᠡᠬᠦᠯᠦᠭᠰᠠᠨ
ᠨᠡᠶᠢᠲᠡᠯᠡᠭᠰᠡᠨ ᠴᠠᠭ᠄
2024/3/23
     ᠣᠶᠢᠷ᠎ᠠ ᠶᠢᠨ ᠡᠳᠤᠷ᠂  ᠳ᠋ᠠ ᠲᠠᠩ ᠤᠨ ᠢᠯᠠᠯᠳᠠ ᠵᠡᠬᠦᠨ ᠬᠤᠶᠠᠳᠤᠭᠠᠷ  ᠨᠤᠮᠧᠷᠳᠤ ᠵᠠᠳᠠᠭᠠᠢ ᠠᠭᠤᠷᠬᠠᠢ  ᠥᠪᠡᠷᠲᠡᠭᠡᠨ ᠵᠠᠰᠠᠬᠤ ᠣᠷᠣᠨ ᠤ ᠲᠤᠰᠬᠠᠢ ᠴᠡᠭᠴᠡᠯᠡᠨ ᠵᠠᠰᠠᠬᠤ ᠠᠰᠠᠭᠤᠳᠠᠯ ᠤᠨ ᠳ᠋ᠤᠭᠠᠷ ᠢ ᠬᠠᠰᠤᠬᠤ ᠶᠢ ᠤᠷᠤᠭᠰᠢᠲᠠᠢ ᠪᠡᠶᠡᠯᠡᠭᠦᠯᠵᠦ᠂  ᠰᠢᠯᠢ ᠶᠢᠨ ᠠᠶᠢᠮᠠᠭ ᠤᠨ ᠡᠨᠧᠷᠭᠢ ᠶᠢᠨ ᠲᠣᠪᠴᠢᠶ᠎ᠠ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠰᠢᠯᠭᠠᠨ ᠪᠠᠶᠢᠴᠠᠭᠠᠯᠲᠠ ᠶᠢ ᠥᠩᠭᠡᠷᠡᠭᠡᠭᠰᠡᠨ ᠪᠥᠭᠡᠳ ᠴᠣᠬᠤᠯᠠᠪᠤᠷᠢ ᠣᠯᠣᠭᠰᠠᠨ ᠤ ᠳᠠᠷᠠᠭ᠎ᠠ᠂ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠦᠢᠯᠡᠳᠪᠦᠷᠢᠯᠡᠯ ᠢᠶᠠᠨ ᠰᠡᠷᠭᠦᠭᠡᠵᠦ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ  ᠶᠢᠨ ᠠᠵᠢᠯ ᠢᠶᠠᠨ ᠡᠬᠢᠯᠡᠬᠦᠯᠦᠭᠰᠠᠨ ᠪᠠᠶᠢᠨ᠎ᠠ᠃  ᠰᠢᠯᠢ ᠶᠢᠨ ᠬᠤᠳᠠ ᠶᠢᠨ ᠬᠢᠨᠠᠨ ᠵᠥᠪᠰᠢᠶᠡᠷᠡᠭᠰᠡᠨ ᠬᠡᠪᠴᠢᠶ᠎ᠡ ᠪᠠᠷ ᠬᠠᠮᠤᠭ  ᠶᠡᠭᠡ ᠵᠠᠳᠠᠭᠠᠢ ᠠᠭᠤᠷᠬᠠᠢ ᠪᠣᠯᠤᠭᠰᠠᠨ ᠤ ᠬᠤᠪᠢ ᠳᠤ᠂ ᠲᠣᠰ ᠲᠥᠷᠥᠯ ᠵᠦᠢᠯ ᠨᠢ ᠬᠡᠪ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠱᠠᠲᠤᠨ ᠳᠠᠭᠠᠨ ︽ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠨ ᠠᠵᠢᠯᠯᠠᠬᠤ︾ ᠶᠢ ᠪᠡᠶᠡᠯᠡᠭᠦᠯᠵᠦ᠂ ︽ᠲᠣᠭᠲᠠᠯ ᠬᠦᠴᠦᠨ ᠢᠶᠠᠨ ᠪᠠᠷᠢᠮᠲᠠᠯᠠᠨ ᠦᠷᠭᠦᠯᠵᠢᠯᠡᠨ ᠠᠵᠢᠯᠯᠠᠬᠤ︾ ᠰᠢᠨ᠎ᠡ ᠱᠠᠲᠤ ᠦᠶ᠎ᠡ ᠶᠢ ᠡᠬᠢᠯᠡᠭᠦᠯᠵᠦ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃      ᠳ᠋ᠠ ᠲᠠᠩ ᠤᠨ ᠢᠯᠠᠯᠳᠠ ᠵᠡᠭᠦᠨ ᠬᠤᠶᠠᠳᠤᠭᠠᠷ ᠨᠣᠮᠧᠷᠲᠤ ᠵᠠᠳᠠᠭᠠᠢ ᠠᠭᠤᠷᠬᠠᠢ ᠶᠢᠨ ᠦᠢᠯᠡᠳᠪᠦᠷᠢᠯᠡᠯ ᠤᠨ ᠠᠬᠤᠢ ᠲᠠᠯᠠᠪᠠᠶ ᠳᠤ ᠡᠯ᠎ᠠ ᠵᠦᠢᠯ ᠤᠨ ᠲᠤᠨᠤᠭ ᠲᠦᠬᠦᠭᠡᠷᠤᠮᠵᠢ ᠶᠠᠭᠠᠷᠠᠯᠲᠠᠢ ᠠᠵᠢᠯᠯᠠᠵᠤ ᠪᠠᠶᠢᠯ᠎ᠠ᠃      ᠣᠶᠢᠯᠠᠭᠠᠭᠰᠠᠨ ᠢᠶᠠᠷ᠂  ᠳ᠋ᠠ ᠲᠠᠩ ᠤᠨ  ᠢᠯᠠᠯᠳᠠ ᠵᠡᠭᠦᠨ ᠬᠤᠶᠠᠳᠤᠭᠠᠷ ᠵᠠᠳᠠᠭᠠᠢ ᠠᠭᠤᠷᠬᠠᠢ ᠶᠢᠨ ᠲᠠᠯᠠᠪᠠᠶ  ᠨᠢ 49.63 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠨᠢ 63.76 ᠳ᠋ᠦᠩᠰᠢᠭᠤᠷ ᠲᠣᠨ ᠪᠠᠶᠢᠵᠤ᠂ ᠵᠠᠳᠠᠭᠠᠢ ᠮᠠᠯᠲᠠᠵᠤ ᠪᠣᠯᠬᠤ ᠡᠬᠢ ᠪᠠᠶᠠᠯᠢᠭ ᠤᠨ ᠬᠠᠳᠠᠭᠠᠯᠠᠭᠳᠠᠴᠠ ᠨᠢ 38.22 ᠳ᠋ᠦᠩᠰᠢᠭᠤᠷ ᠲᠣᠨ ᠪᠠᠶᠢᠵᠤ᠂ ᠲᠥᠷᠥᠯ ᠵᠦᠢᠯ ᠤᠨ ᠬᠢᠨᠠᠨ ᠵᠥᠪᠰᠢᠶᠡᠷᠡᠭᠰᠡᠨ ᠦᠢᠯᠡᠳᠪᠦᠷᠢᠯᠡᠬᠦ ᠴᠢᠳᠠᠪᠤᠷᠢ ᠨᠢ ᠵᠢᠯ ᠪᠦᠷᠢ 3000 ᠲᠦᠮᠡᠨ ᠲᠣᠨ᠂ ᠦᠢᠯᠡᠴᠢᠯᠡᠭᠡᠨ ᠤ ᠬᠤᠭᠤᠴᠠᠭ᠎ᠠ ᠨᠢ 122 ᠵᠢᠯ ᠪᠠᠶᠢᠵᠤ᠂ ᠣᠷᠳᠣ ᠬᠤᠭᠤᠴᠠᠭᠠᠨ ᠤ ᠲᠥᠯᠥᠪᠵᠢᠭᠦᠯᠦᠭᠰᠡᠨ ᠦᠢᠯᠡᠳᠪᠦᠷᠢᠯᠡᠬᠦ ᠴᠢᠳᠠᠪᠤᠷᠢ ᠨᠢ ᠵᠢᠯ ᠪᠦᠷᠢ 6000 ᠲᠦᠮᠡᠨ ᠲᠣᠨ ᠪᠣᠯᠣᠨ᠎ᠠ᠃  2023 ᠣᠨ ᠤ 8 ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠳ᠋ᠠ ᠲᠠᠩ ᠣᠯᠠᠨ ᠤᠯᠤᠰ ᠤᠨ  ᠰᠢᠯᠢ ᠶᠢᠨ ᠬᠤᠳᠠ ᠶᠢᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠬᠡᠮ ᠰᠣᠭᠤᠭ ᠢ ᠵᠠᠰᠠᠬᠤ ᠪᠥᠬᠦ ᠲᠠᠯ᠎ᠠ ᠶᠢᠨ ᠲᠥᠰᠥᠯ ᠤᠨ ᠶᠣᠰᠣᠭᠠᠷ ᠠᠵᠢᠯ ᠢᠶᠠᠨ ᠵᠣᠬᠢᠶᠠᠨ ᠪᠠᠶᠢᠭᠤᠯᠤᠭᠰᠠᠨ ᠠᠴᠠ ᠨᠠᠰᠢ᠂ ᠨᠡᠶᠢᠲᠡ 6036 ᠲᠦᠮᠡᠨ ᠪᠣᠰᠤᠭ᠎ᠠ ᠳᠥᠷᠪᠡᠯᠵᠢᠨ ᠮᠧᠲᠷ ᠰᠢᠷᠣᠢ ᠢ ᠭᠠᠳᠠᠭᠰᠢᠯᠠᠭᠤᠯᠵᠤ᠂  24 ᠵᠦᠢᠯ ᠤᠨ ᠬᠡᠮ ᠰᠣᠭᠤᠭ ᠢ ᠪᠦᠬᠦᠨ ᠢ ᠴᠡᠭᠴᠡᠯᠡᠨ ᠵᠠᠰᠠᠵᠤ ᠳᠠᠭᠤᠰᠬᠠᠭᠠᠳ᠂ ᠵᠢᠱᠢᠭᠰᠡᠨ ᠵᠠᠰᠠᠯᠲᠠ ᠶᠢᠨ ᠦᠷ᠎ᠡ ᠳ᠋ᠦᠩ ᠳᠤ ᠬᠦᠷᠴᠦ᠂ 2 ᠰᠠᠷ᠎ᠠ ᠶᠢᠨ 16 ᠤ ᠡᠳᠦᠷ ᠬᠡᠮ ᠰᠣᠭᠤᠭ ᠢ ᠵᠠᠰᠠᠬᠤ ᠪᠥᠬᠦ ᠲᠠᠯ᠎ᠠ ᠶᠢᠨ ᠢᠨᠵᠧᠨᠧᠷᠢᠩ ᠰᠢᠯᠭᠠᠨ ᠪᠠᠶᠢᠴᠠᠭᠠᠯᠲᠠ ᠳᠤ ᠬᠢᠷᠢ  ᠲᠡᠩᠴᠡᠭᠰᠠᠨ ᠪᠠᠶᠢᠨ᠎ᠠ᠃      2022 ᠣᠨ ᠤ 9 ᠰᠠᠷ᠎ᠠ ᠳᠤ᠂  ᠢᠯᠠᠯᠳᠠ ᠵᠡᠭᠦᠨ ᠬᠤᠶᠠᠳᠤᠭᠠᠷ ᠠᠭᠤᠷᠬᠠᠢ ᠶᠢ ᠤᠯᠤᠰ ᠤᠨ ᠬᠠᠩᠭᠠᠯᠭ᠎ᠠ ᠶᠢ ᠪᠠᠲᠤᠯᠠᠬᠤ ᠨᠡᠭᠦᠷᠡᠰᠦᠨ ᠠᠭᠤᠷᠬᠠᠢ ᠳᠤ ᠤᠷᠤᠭᠤᠯᠵᠤ᠂ ᠲᠤᠰ ᠲᠦᠷᠦᠯ ᠵᠦᠢᠯ ᠤᠨ ᠦᠢᠯᠡᠳᠪᠦᠷᠢᠯᠡᠯ ᠢ ᠰᠡᠷᠭᠦᠭᠡᠭᠰᠡᠨ ᠤ ᠳᠠᠷᠠᠭ᠎ᠠ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠨᠡᠭᠦᠷᠡᠰᠦ ᠳᠤᠲᠠᠭᠳᠠᠵᠤ ᠪᠠᠶᠢᠭ᠎ᠠ ᠪᠠᠶᠢᠳᠠᠯ ᠢ ᠪᠦᠲᠦᠮᠵᠢᠲᠡᠢ ᠨᠠᠮᠳᠠᠭᠤᠯᠵᠤ᠂ ᠣᠨᠴᠠᠭᠠᠶᠢᠯᠠᠨ ᠳᠤᠮᠳᠠᠳᠤ ᠤᠯᠤᠰ ᠤᠨ ᠳ᠋ᠠ ᠲᠠᠩ ᠤᠨ ᠢᠵᠢ ᠪᠦᠷᠢᠳᠦᠭᠰᠡᠨ ᠨᠡᠭᠦᠷᠡᠰᠦ ᠴᠠᠬᠢᠯᠭᠠᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠨ ᠨᠡᠭᠦᠷᠡᠰᠦ ᠬᠡᠷᠡᠭᠯᠡᠬᠦ ᠬᠡᠷᠡᠭᠴᠡᠭᠡ ᠶᠢ ᠰᠢᠢᠳᠪᠦᠷᠢᠯᠡᠵᠦ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ ᠶᠢ ᠨᠡᠩ ᠰᠠᠶᠢᠲᠤᠷ ᠠᠬᠢᠭᠤᠯᠵᠤ ᠪᠠᠶᠢᠨ᠎ᠠ᠃ ᠢᠯᠠᠯᠳᠠ ᠵᠡᠭᠦᠨ ᠬᠤᠶᠠᠳᠤᠭᠠᠷ ᠠᠭᠤᠷᠬᠠᠢ ᠶᠢᠨ ᠠᠵᠤ ᠦᠢᠯᠡᠳᠪᠦᠷᠢ ᠪᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠨᠢ ︽ᠲᠠᠪᠤᠨ ᠶᠡᠭᠡ ᠡᠭᠦᠷᠭᠡ︾ ᠶᠢ ᠲᠦᠯᠬᠢᠨ ᠠᠬᠢᠭᠤᠯᠵᠤ ᠠᠮᠵᠢᠯᠲᠠ ᠪᠦᠲᠦᠮᠵᠢ ᠭᠠᠷᠭᠠᠭᠰᠠᠨ ᠶᠠᠪᠤᠳᠠᠯ ᠪᠣᠯᠣᠨ᠎ᠠ᠂ ᠨᠡᠭᠦᠷᠡᠰᠦᠨ ᠤ ᠴᠢᠨᠠᠷ ᠰᠠᠶᠢᠲᠠᠢ ᠦᠢᠯᠡᠳᠪᠦᠷᠢᠯᠡᠯ ᠤᠨ ᠴᠢᠳᠠᠪᠤᠷᠢ  ᠶᠢ ᠪᠠᠳᠠᠷᠠᠭᠤᠯᠬᠤ ᠶᠢ ᠳᠡᠮᠵᠢᠵᠦ᠂ ᠤᠯᠤᠰ ᠤᠨ ᠴᠢᠬᠤᠯᠠ ᠡᠨᠧᠷᠬᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ   ᠤᠨ ᠰᠠᠭᠤᠷᠢᠨ ᠭᠠᠵᠠᠷ   ᠤᠨ ᠠᠵᠢᠯ ᠦᠢᠯᠡᠳᠪᠦᠷᠢᠯᠡᠯ  ᠢᠶᠠᠨ ᠰᠡᠷᠭᠦᠭᠡᠬᠦ ᠨᠢ ᠪᠥᠬᠦ ᠠᠶᠢᠮᠠᠭ   ᠤᠨ  ᠡᠨᠧᠷᠬᠢ ᠶᠢᠨ ᠬᠠᠩᠭᠠᠯᠭ᠎ᠠ ᠳᠤ ᠴᠢᠬᠤᠯᠠ ᠦᠢᠯᠡᠳᠦᠯ ᠲᠠᠢ ᠪᠠᠶᠢᠵᠤ᠂ ᠲᠥᠷᠥᠯ ᠵᠦᠢᠯ ᠤᠨ ᠠᠵᠢᠯ  ᠰᠡᠷᠭᠦᠭᠡᠵᠦ ᠦᠢᠯᠡᠳᠪᠦᠷᠢᠯᠡᠯ ᠰᠡᠷᠭᠦᠭᠡᠭᠰᠡᠨ  ᠨᠢᠭᠡᠳᠤᠭᠡᠷ ᠵᠢᠯ ᠲᠤ 1000 ᠲᠦᠮᠡᠨ ᠲᠣᠨ ᠲᠦᠭᠦᠬᠡᠢ ᠨᠡᠭᠦᠷᠡᠰᠦ ᠦᠢᠯᠡᠳᠪᠦᠷᠢᠯᠡᠵᠦ ᠪᠣᠯᠬᠤ ᠪᠥᠭᠡᠳ ᠲᠤᠯᠤᠳᠤᠭᠠᠷ ᠵᠢᠯ ᠲᠤ ᠲᠥᠯᠥᠪᠯᠡᠭᠰᠡᠨ ᠬᠡᠪᠴᠢᠶ᠎ᠡ ᠶᠢ ᠵᠢᠯ ᠪᠦᠷᠢ 3000 ᠲᠦᠮᠡᠨ ᠲᠣᠨ ᠲᠤ ᠬᠦᠷᠭᠡᠵᠤ᠂ ᠭᠠᠵᠠᠷ ᠣᠷᠣᠨ   ᠤ ᠠᠵᠤ ᠠᠬᠤᠢ ᠨᠡᠶᠢᠭᠡᠮ   ᠤᠨ ᠬᠥᠭᠵᠢᠯᠲᠡ ᠶᠢ ᠪᠦᠲᠦᠮᠵᠢᠲᠡᠶ ᠲᠠᠶᠢᠴᠢᠯᠠᠨ᠂ ᠨᠡᠭᠦᠷᠡᠰᠦ ᠬᠠᠩᠭᠠᠬᠤ ᠶᠢ ᠪᠠᠲᠤᠯᠠᠬᠤ ᠡᠭᠦᠷᠭᠡ ᠶᠢ ᠤᠯᠠᠮ ᠨᠢᠭᠡ ᠠᠯᠬᠤᠮ  ᠨᠠᠶᠢᠳᠡᠪᠤᠷᠢᠵᠢᠭᠤᠯᠵᠤ᠂ ᠨᠡᠭᠦᠷᠡᠰᠦᠨ ᠤ ᠦᠨᠳᠦᠰᠦᠨ ᠦᠨ᠎ᠡ ᠶᠢ  ᠪᠠᠬᠢᠵᠢᠬᠦᠯᠬᠦ ᠪᠣᠯᠣᠨ᠎ᠠ᠃      ᠲᠣᠭᠤᠷ ᠣᠷᠴᠢᠭᠤᠯᠣᠨ ᠨᠠᠶᠢᠷᠠᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号