ᠭᠠᠯ ᠤᠨᠲᠠᠷᠠᠭᠠᠬᠤ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ  ᠲᠦᠭᠡᠮᠡᠯᠵᠢᠬᠦᠯᠦᠭᠰᠠᠨ
ᠨᠡᠶᠢᠲᠡᠯᠡᠭᠰᠡᠨ ᠴᠠᠭ᠄
2024/3/24
     3 ᠰᠠᠷ᠎ᠠ ᠶᠢᠨ 22  ᠤᠨ ᠡᠳᠦᠷ᠂  ᠰᠢᠯᠢ ᠶᠢᠨ ᠬᠤᠳᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ  ᠰᠢᠯᠢ ᠶᠢᠨ ᠬᠤᠳᠠ ᠶᠢᠨ ᠲᠠᠪᠤᠳᠤᠭᠠᠷ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠦᠷᠨᠢᠬᠦᠯᠦᠭᠰᠠᠨ ᠪᠠᠶᠢᠨ᠎ᠠ᠃        ᠠᠵᠢᠯᠯᠠᠭ᠎ᠠ ᠳᠤ᠂  ᠰᠢᠯᠢ ᠶᠢᠨ ᠬᠤᠳᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ  ᠠᠴᠠ ᠰᠤᠷᠤᠭᠴᠢᠳ ᠲᠤ ᠭᠠᠯ ᠤᠨ ᠭᠠᠮᠰᠢᠭ ᠤᠨ ᠠᠶᠤᠯᠲᠤ ᠴᠢᠨᠠᠷ᠂ ᠰᠤᠷᠭᠠᠭᠤᠯᠢ ᠶᠢᠨ ᠬᠦᠷᠢᠶᠡᠨ ᠤ ᠭᠠᠯ ᠤᠨ ᠰᠡᠷᠭᠡᠶᠢᠯᠡᠯᠲᠡ ᠶᠢᠨ ᠦᠨᠳᠦᠰᠦᠨ ᠱᠠᠭᠠᠷᠳᠠᠯᠭ᠎ᠠ ᠪᠣᠯᠣᠨ ᠠᠩᠬᠠᠷᠬᠤ ᠵᠦᠢᠯ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠨ ᠥᠭᠴᠦ᠂  ᠰᠤᠷᠭᠠᠭᠤᠯᠢ ᠶᠢᠨ ᠬᠦᠷᠢᠶᠡᠨ ᠤ ᠭᠠᠯ ᠤᠨ ᠭᠠᠮᠰᠢᠭ ᠤᠨ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠤᠨ ᠣᠨᠴᠠᠯᠢᠭ ᠢ ᠭᠦᠨᠵᠡᠭᠡᠢ ᠵᠠᠳᠠᠯᠵᠤ᠂ ᠭᠠᠯ ᠤᠨ ᠠᠶᠤᠯ ᠭᠠᠷᠤᠭᠰᠠᠨ ᠦᠶ᠎ᠡ ᠳᠤ ᠬᠡᠷᠬᠢᠨ ᠲᠦᠭᠰᠢᠭᠦᠷᠢ ᠮᠡᠳᠡᠭᠦᠯᠬᠦ᠂ ᠬᠡᠷᠬᠢᠨ ᠠᠮᠢ ᠵᠢᠭᠤᠲᠠᠬᠤ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠨ ᠶᠠᠷᠢᠵᠤ᠂ ᠰᠤᠷᠤᠭᠴᠢᠳ ᠤᠨ ᠭᠠᠯ ᠤᠨᠲᠠᠷᠠᠭᠠᠬᠤ ᠮᠡᠳᠡᠯᠭᠡ ᠶᠢᠨ ᠲᠤᠬᠠᠢ ᠣᠶᠢᠯᠠᠭᠠᠯᠲᠠ ᠶᠢ  ᠬᠦᠨᠵᠭᠡᠶᠢᠷᠡᠬᠦᠯᠦᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂  ᠰᠢᠯᠢ ᠶᠢᠨ ᠬᠤᠳᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ  ᠭᠠᠯ ᠤᠨᠲᠠᠷᠠᠭᠠᠬᠤ ᠤᠬᠠᠭᠤᠯᠭ᠎ᠠ ᠶᠢᠨ ︽ᠰᠤᠷᠭᠠᠭᠤᠯᠢ ᠳᠤ ᠬᠦᠨᠵᠡᠶᠢᠭᠡᠷᠡᠬᠦᠯᠬᠦ︾ ᠠᠵᠢᠯᠯᠠᠭ᠎ᠠ ᠶᠢ ᠦᠷᠭᠦᠯᠵᠢᠯᠡᠨ  ᠰᠠᠶᠢᠳᠤᠷ ᠥᠷᠨᠢᠭᠦᠯᠵᠦ᠂ ︽ᠬᠥᠮᠥᠨ ᠪᠦᠬᠦᠨ ᠭᠠᠯ ᠤᠨᠲᠠᠷᠠᠭᠠᠬᠤ ᠶᠢ ᠠᠩᠬᠠᠷᠴᠤ ᠬᠥᠮᠥᠨ ᠪᠦᠬᠦᠨ ᠭᠠᠯ ᠤᠨᠲᠠᠷᠠᠭᠠᠬᠤ ᠮᠡᠳᠡᠯᠭᠡ ᠶᠢ ᠰᠤᠷᠤᠯᠴᠠᠬᠤ︾  ᠲᠠᠳᠬᠠᠯ ᠢ ᠦᠷᠭᠦᠯᠵᠢᠯᠡᠨ ᠪᠣᠶ ᠪᠣᠯᠭᠠᠵᠤ᠂ ᠬᠠᠪᠤᠷ ᠤᠨ ᠤᠯᠠᠷᠢᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠥᠨᠳᠥᠷ ᠪᠦᠲᠦᠮᠵᠢᠲᠡᠶ ᠥᠷᠨᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠪᠣᠯᠣᠨ᠎ᠠ᠃        ᠲᠣᠰ ᠮᠡᠳᠡᠭᠡ ᠶᠢ ᠲᠣᠭᠤᠷ ᠣᠷᠴᠢᠭᠤᠯᠣᠨ ᠨᠠᠶᠢᠷᠠᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号