ᠰᠢᠯᠢ ᠶᠢᠨ ᠬᠤᠳᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ 98 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠰᠢᠯᠢ ᠶᠢᠨ ᠬᠤᠳᠠ ᠶᠢᠨ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ  ᠤ ᠬᠤᠷᠠᠯ  ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2024/3/25
     3 ᠰᠠᠷ᠎ᠠ ᠶᠢᠨ 23 ᠤ ᠡᠳᠦᠷ᠂ ᠰᠢᠯᠢ ᠶᠢᠨ ᠭᠤᠤᠯ ᠠᠶᠢᠮᠠᠭ ᠤᠨ ᠳᠡᠳ᠋ ᠳᠠᠷᠤᠭ᠎ᠠ᠂  ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠨ ᠵᠧᠨ ᠵᠢᠶᠠᠩ ᠠᠷᠪᠠᠨ ᠭᠤᠷᠪᠠᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ 98 ᠳ᠋ᠤᠭᠠᠷ  ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ  ᠰᠢᠯᠢ  ᠶᠢᠨ ᠬᠤᠳᠠ ᠶᠢᠨ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠠᠶᠢᠨ᠎ᠠ᠃        ᠬᠤᠷᠠᠯ ᠳᠤ  ᠂  ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ ᠤᠨ ᠰᠢᠯᠢ ᠶᠢᠨ ᠭᠤᠣᠯ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠢᠳᠡᠪᠬᠢᠲᠡᠢ ᠰᠦᠪᠡᠭᠴᠢᠯᠡᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠰᠢᠨᠡᠴᠢᠯᠡᠯᠲᠡ ᠶᠢ ᠲᠦᠷᠭᠡᠳᠬᠡᠨ ᠠᠬᠢᠭᠤᠯᠵᠤ᠂ ᠤᠯᠠᠮᠵᠢᠯᠠᠯᠲᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠠᠮᠵᠢᠯᠲᠠ ᠣᠯᠬᠤ ᠶᠢ ᠳᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠰᠦᠨ ᠱᠤᠤ ᠴᠧᠩ ᠱᠦᠵᠢ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ  ᠰᠦᠨᠤᠭᠡᠯᠳᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ᠂ ᠨᠠᠮ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ  ᠰᠤᠳᠤᠯᠤᠨ ᠪᠣᠳᠣᠯᠬᠢᠯᠠᠬᠤ ᠪᠠᠨ ᠴᠢᠩᠭᠠᠳᠬᠠᠵᠤ ᠂ ᠬᠥᠭᠵᠢᠯᠲᠡ ᠶᠢᠨ ᠴᠢᠭᠯᠡᠯ ᠢᠶᠠᠨ ᠴᠢᠨᠠᠭᠰᠢᠳᠠ ᠲᠣᠳᠣᠷᠬᠠᠶᠢᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ  ᠭᠡᠵᠡᠢ᠃      ᠬᠤᠷᠠᠯ ᠳᠤ ᠪᠠᠰᠠ  ᠰᠢᠯᠢ ᠶᠢᠨ ᠬᠤᠳᠠ ᠶᠢᠨ ︽ᠵᠢᠷᠭᠤᠭᠠᠨ ᠢᠨᠵᠧᠨᠧᠷᠢᠩ︾  ᠢ ᠠᠬᠢᠭᠤᠯᠬᠤ ᠳᠤᠭᠤᠶᠢᠯᠠᠩ ᠤᠨ ᠠᠵᠢᠯ ᠤᠨ ᠠᠬᠢᠴᠠ ᠶᠢᠨ ᠪᠠᠶᠢᠳᠠᠯ ᠪᠣᠯᠣᠨ 2024 ᠣᠨ ᠤ ᠨᠢᠭᠡᠳᠦᠭᠡᠷ ᠤᠯᠠᠷᠢᠯ ᠤᠨ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ   ᠰᠤᠨᠤᠰᠴᠤ᠂ ︽ᠵᠢᠷᠭᠤᠭᠠᠨ ᠢᠨᠵᠧᠨᠧᠷᠢᠩ︾  ᠢᠶᠠᠷ ᠬᠥᠲᠥᠯᠥᠨ ᠳᠠᠭᠠᠭᠤᠯᠵᠤ ᠪᠦᠬᠦ ᠬᠤᠳᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠥᠷᠨᠢᠭᠦᠯᠬᠦ ᠶᠢ ᠠᠬᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠯᠠᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ ᠪᠣᠯᠣᠨ ᠭᠤᠣᠯᠳᠠᠯᠭ᠎ᠠ ᠲᠠᠢ ᠲᠠᠯᠠᠪᠤᠷ ᠤᠨ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠤ ᠠᠯᠳᠠᠰᠢ ᠭᠠᠷᠬᠤ ᠶᠢ ᠦᠨᠡᠨᠬᠦ ᠬᠤᠷᠢᠭᠯᠠᠵᠤ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠭᠰᠠᠨ ᠪᠠᠶᠢᠨ᠎ᠠ᠃      ᠬᠤᠷᠠᠯ  ᠳᠤ᠂ ᠪᠦᠬᠦ ᠤᠯᠤᠰ᠂ ᠪᠦᠬᠦ ᠣᠷᠣᠨ᠂ ᠪᠦᠬᠦ ᠠᠶᠢᠮᠠᠭ ᠤᠨ ᠵᠣᠬᠢᠶᠠᠨ ᠪᠠᠶᠢᠭᠤᠯᠬᠤ ᠠᠵᠢᠯ ᠪᠣᠯᠣᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃       ᠲᠣᠭᠤᠷ ᠣᠷᠴᠢᠭᠤᠯᠣᠨ ᠨᠠᠶᠢᠷᠠᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号