ᠰᠢᠯᠢ ᠶᠢᠨ ᠬᠤᠳᠠ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠮᠡᠳᠡᠯᠭᠡ ᠶᠢᠨ ᠤᠷᠤᠯᠳᠤᠭᠠᠨ  ᠶᠠᠪᠤᠭᠳᠠᠭᠤᠯᠤᠭᠰᠠᠨ
ᠨᠡᠶᠢᠲᠡᠯᠡᠭᠰᠡᠨ ᠴᠠᠭ᠄
2024/3/26
   3 ᠰᠠᠷ᠎ᠠ ᠶᠢᠨ 22  ᠤᠨ ᠡᠳᠦᠷ᠂  ᠰᠢᠯᠢ ᠶᠢᠨ ᠬᠤᠳᠠ  ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠮᠡᠳᠡᠯᠭᠡ ᠶᠢᠨ ᠤᠷᠤᠯᠳᠤᠭᠠᠨ ᠶᠠᠪᠤᠭᠳᠠᠭᠤᠯᠤᠭᠰᠠᠨ ᠪᠠᠶᠢᠨ᠎ᠠ᠃    ᠲᠤᠰ ᠤᠳᠠᠭᠠᠨ ᠤ ᠤᠷᠤᠯᠳᠤᠭᠠᠨ ᠢ ᠠᠩᠬᠠᠨ ᠤ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠭᠡᠵᠦ ᠬᠤᠶᠠᠷ ᠱᠠᠲᠤ  ᠬᠤᠪᠢᠶᠠᠵᠤ᠂ 3 ᠰᠠᠷ᠎ᠠ ᠶᠢᠨ 18 ᠤ ᠡᠳᠦᠷ ᠶᠠᠪᠤᠭᠳᠠᠭᠰᠠᠨ ᠠᠩᠬᠠᠨ ᠤ ᠤᠷᠤᠯᠳᠤᠭᠠᠨ ᠳᠤ ᠪᠦᠬᠦ ᠬᠤᠲᠠ ᠶᠢᠨ ᠡᠯ᠎ᠡ ᠪᠠᠶᠢᠭᠤᠯᠤᠯᠭ᠎ᠠ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ 51 ᠲᠥᠯᠥᠭᠡᠯᠡᠭᠴᠢᠳ ᠤᠨ ᠠᠩᠭᠢ ᠶᠢᠨ 153 ᠬᠦᠮᠦᠨ ᠣᠷᠣᠯᠴᠠᠵᠤ᠂ ᠰᠢᠯᠭᠠᠷᠠᠭᠤᠯᠤᠯᠳᠠ ᠪᠠᠷ ᠲᠠᠮᠵᠢᠵᠤ᠂ 10 ᠲᠥᠯᠥᠭᠡᠯᠡᠭᠴᠢᠳ ᠤᠨ ᠠᠩᠭᠢ ᠰᠢᠢᠳᠪᠦᠷᠢᠲᠦ ᠤᠷᠤᠯᠳᠤᠭᠠᠨ ᠳᠤ ᠤᠷᠤᠯᠴᠠᠵᠤ᠂ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ᠂ ᠲᠦᠭᠰᠢᠬᠦᠷᠢᠳᠤ ᠰᠡᠳᠦᠪ ᠵᠡᠷᠭᠡ ᠭᠤᠷᠪᠠᠨ ᠭᠤᠭᠴᠤᠭ᠎ᠠ ᠨᠢ ᠬᠤᠷᠴᠨ ᠰᠢᠷᠤᠬᠦᠨ  ᠶᠠᠪᠤᠭᠳᠠᠭᠰᠠᠨ ᠪᠠᠶᠢᠨ᠎ᠠ᠃   ᠲᠤᠰ ᠤᠳᠠᠭᠠᠨ ᠤ ᠤᠷᠤᠯᠳᠤᠭᠠᠨ ᠨᠢ ᠪᠠᠰᠨ ᠰᠦᠯᠵᠢᠶ᠎ᠠ ᠪᠠᠷ ᠥᠷᠢᠰᠦᠯᠳᠦᠨ ᠬᠠᠷᠢᠭᠤᠯᠬᠤ  ᠠᠷᠭ᠎ᠠ ᠭᠡᠯᠪᠡᠷᠢ ᠶᠢ ᠵᠡᠷᠭᠡᠪᠡᠷ  ᠭᠡᠷᠡᠭᠯᠡᠵᠤ᠂ ᠥᠷᠭᠡᠨ ᠤᠯᠠᠨ ᠺᠠᠳ᠋ᠷ ᠤᠯᠠᠨ ᠲᠦᠮᠡᠨ ᠪᠣᠯᠣᠨ ᠰᠢᠯᠢ ᠶᠢᠨ ᠭᠤᠣᠯ  ᠳᠤ ᠰᠠᠭᠤᠭ᠎ᠠ ᠳᠠᠷᠤᠭ᠎ᠠ ᠪᠠᠶᠢᠯᠳᠤᠭᠴᠢᠳ  ᠤᠨ ᠬᠠᠷᠢᠯᠴᠠᠨ ᠰᠤᠷᠤᠯᠴᠠᠬᠤ᠂  ᠠᠳᠠᠯᠢᠳᠬᠠᠨ ᠳᠡᠭᠡᠭᠰᠢᠯᠡᠭᠦᠯᠬᠦ ᠲᠠᠪᠴᠠᠩ ᠢ  ᠬᠠᠩᠭᠠᠵᠤ᠂ ᠲᠡᠦᠬᠡ ᠪᠠᠨ ᠮᠡᠳᠡᠵᠤ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠵᠤ᠂  ᠵᠠᠮ ᠨᠡᠭᠡᠭᠡᠨ ᠡᠷᠡᠮᠡᠬᠡᠶᠢᠯᠡᠨ ᠤᠷᠤᠭᠰᠢᠯᠠᠬᠤ ᠦᠢᠯᠡᠳᠦᠯᠭᠡ ᠶᠢᠨ ᠬᠠᠷᠢᠭᠤᠴᠠᠯᠭ᠎ᠠ ᠡᠭᠦᠷᠭᠡᠯᠡᠬᠦ ᠬᠦᠴᠦᠨ ᠢ ᠨᠢᠭᠲᠠᠷᠠᠭᠤᠯᠵᠠᠢ᠃    ᠰᠢᠯᠢ ᠶᠢᠨ ᠬᠤᠳᠠ ᠶᠢᠨ ᠮᠤᠳᠤᠨ ᠮᠠᠯᠵᠢᠯ ᠤᠨ ᠲᠠᠯᠠᠪᠠᠶ ᠶᠢᠨ ᠲᠥᠯᠥᠭᠡᠯᠡᠭᠴᠢᠳ ᠤᠨ ᠠᠩᠭᠢ  ᠶᠢᠨ ᠲᠦᠯᠦᠭᠡᠯᠡᠭᠴᠢ᠄  ︽ᠪᠢᠳᠠ ᠨᠠᠮ ᠤᠨ ᠢᠷᠠᠭᠤ ᠠᠯᠳᠠᠷᠲᠤ ᠲᠡᠦᠬᠡ ᠶᠢ ᠤᠯᠠᠮ ᠴᠢᠨᠠᠭᠰᠢᠳᠠ ᠰᠤᠷᠤᠯᠴᠠᠨ ᠨᠠᠮ ᠤᠨ ᠠᠮᠵᠢᠯᠲᠠ ᠲᠠᠢ ᠲᠤᠷᠰᠢᠯᠭ᠎ᠠ ᠶᠢ ᠰᠠᠶᠢᠲᠤᠷ ᠤᠯᠠᠮᠵᠢᠯᠠᠨ ᠪᠠᠳᠠᠷᠠᠭᠤᠯᠵᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ ᠤᠷᠤᠯᠳᠤᠭᠠᠨ ᠢᠶᠠᠷ ᠪᠣᠯᠪᠠᠰᠤᠷᠠᠯ ᠢ ᠠᠬᠢᠭᠤᠯᠬᠤ᠂ ᠤᠷᠤᠯᠳᠤᠭᠠᠨ ᠢᠶᠠᠷ ᠠᠵᠢᠯᠯᠠᠬᠤ  ᠤᠷᠮ᠎ᠠ ᠶᠢ ᠠᠬᠢᠭᠤᠯᠬᠤ ᠶᠢ ᠪᠡᠶᠡᠯᠡᠭᠦᠯᠵᠦ᠂  ᠵᠠᠯᠠᠭᠤ ᠨᠠᠰᠤ ᠪᠠᠨ ᠬᠥᠰᠡᠷᠳᠡᠭᠦᠯᠦᠯ ᠦᠭᠡᠢ ᠪᠠᠷ ᠡᠷᠡᠮᠡᠬᠡᠶᠢᠯᠡᠨ ᠤᠷᠤᠭᠰᠢᠯᠠᠵᠤ᠂ ᠦᠷᠭᠦᠯᠵᠢᠯᠡᠨ ᠲᠡᠮᠡᠴᠡᠵᠦ᠂ ᠨᠡᠩ ᠡᠷᠡᠰ ᠪᠠᠲᠤ ᠪᠠᠷ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠂  ᠨᠠᠮ ᠢᠶᠠᠨ ᠲᠠᠭᠠᠨ᠎ᠠ᠃︾ ᠭᠡᠵᠦ ᠶᠠᠷᠢᠵᠣ ᠪᠠᠶᠢᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号