ᠰᠢᠯᠢ ᠶᠢᠨ ᠬᠤᠳᠠ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠪᠦᠬᠦ ᠬᠤᠳᠠ ᠶᠢᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠠᠶᠤᠯᠭᠦᠢ ᠦᠢᠯᠡᠳᠪᠦᠷᠢᠯᠡᠯ᠂ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠠᠷᠭᠡᠶᠢᠯᠠᠨ ᠤᠨᠲᠠᠷᠠᠭᠠᠬᠤ ᠪᠠ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2024/3/26
     3 ᠰᠠᠷ᠎ᠠ ᠶᠢᠨ 21 ᠤ ᠡᠳᠦᠷ᠂  ᠰᠢᠯᠢ ᠶᠢᠨ ᠬᠤᠳᠠ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠭᠤᠷᠪᠠᠳᠤᠭᠠᠷ ᠤᠳᠠᠭ᠎ᠠ ᠶᠢᠨ ᠵᠤᠷᠰᠢᠯ ᠬᠤᠷᠠᠯ ᠵᠢᠴᠢ ᠪᠦᠬᠦ ᠬᠤᠳᠠ ᠶᠢᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠠᠶᠤᠯᠭᠦᠢ ᠦᠢᠯᠡᠳᠪᠦᠷᠢᠯᠡᠯ᠂ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠤᠭᠰᠠᠨ ᠪᠠᠶᠢᠨ᠎ᠠ᠃      ᠬᠤᠷᠠᠯ ᠳᠤ᠂ ᠠᠶᠤᠯᠭᠦᠢ ᠦᠢᠯᠡᠳᠪᠦᠷᠢᠯᠡᠯ ᠤᠨ ᠰᠠᠷᠡᠮᠵᠢᠯᠠᠯ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠵᠦ᠂ 2023 ᠣᠨ ᠤ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠠᠳᠡᠯ ᠤᠨ ᠪᠠᠶᠢᠳᠠᠯ ᠢ ᠮᠡᠳᠡᠭᠳᠡᠵᠦ᠂ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠢ ᠲᠠᠬᠢᠨ ᠲᠣᠬᠢᠷᠠᠭᠤᠯᠵᠤ ᠲᠠᠬᠢᠨ  ᠪᠠᠶᠢᠷᠢᠯᠠᠭᠤᠯᠵᠠᠢ᠃  ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠪᠦᠷᠢᠨᠵᠢᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠵᠠᠰᠠᠭ ᠤᠨ ᠣᠷᠳᠣᠨ ᠤ ᠡᠯ᠎ᠡ ᠳᠡᠳ᠋ ᠳᠠᠷᠤᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠶᠢᠨ ᠢᠶᠠᠨ ᠲᠣᠭᠤᠷᠢᠨ ᠳᠤ ᠪᠣᠳᠠᠲᠠᠢ ᠲᠣᠬᠢᠷᠠᠭᠤᠯᠤᠯᠲᠠ ᠪᠠᠶᠢᠷᠢᠯᠠᠭᠤᠯᠤᠯᠲᠠ  ᠬᠢᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠶᠠᠭ ᠬᠠᠪᠤᠷ ᠤᠨ ᠤᠯᠠᠷᠢᠯ ᠤᠨ ᠡᠯ᠎ᠡ ᠲᠦᠷᠦᠯ ᠤᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠬᠦ ᠪᠠ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠴᠢᠬᠤᠯᠠ ᠴᠠᠭ ᠦᠶ᠎ᠡ ᠪᠠᠶᠢᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠡᠯ᠎ᠡ ᠲᠦᠷᠦᠯ ᠤᠨ ᠬᠦᠨᠳᠦ ᠨᠣᠴᠢᠲᠠᠢ ᠣᠨᠴᠠ ᠶᠡᠭᠡ ᠠᠳᠡᠯ ᠢᠶᠠᠷ ᠲᠣᠯᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠰᠠᠶᠢᠲᠤᠷ ᠬᠢᠵᠦ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠃ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯᠲᠠᠨ ᠤ ᠬᠢᠷᠢ ᠬᠡᠮ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠬᠥᠮᠦᠵᠢᠯ᠂ ᠭᠡᠮ ᠰᠣᠭᠤᠭ ᠢ ᠴᠡᠭᠴᠡᠯᠡᠨ ᠵᠠᠰᠠᠬᠤ ᠪᠠ ᠲᠥᠬᠦᠭᠡᠷᠦᠮᠵᠢ ᠶᠢᠨ ᠠᠵᠢᠯᠯᠠᠭᠠᠨ ᠵᠡᠷᠭᠡ ᠪᠠᠶᠢᠳᠠᠯ ᠢ ᠴᠢᠩᠭ᠎ᠠ ᠠᠩᠬᠠᠷᠴᠤ᠂ ᠠᠮᠤᠷ ᠲᠦᠪᠰᠢᠨ ᠤ ᠭᠡᠮ ᠰᠣᠭᠤᠭ ᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠬᠤ ᠶᠢ ᠪᠠᠷᠢᠮᠲᠠᠯᠠᠵᠤ᠂ ᠲᠣᠭᠲᠠᠭᠤᠨ ᠡᠮᠬᠢ ᠳᠢᠭᠯᠢᠮ ᠲᠠᠢ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠠᠲᠤᠯᠠᠬᠤ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ  ᠭᠠᠯ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠤᠬᠠᠭᠤᠯᠤᠨ ᠳᠠᠶᠢᠴᠢᠯᠠᠬᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠂ ᠵᠢᠵᠢᠭᠦᠷᠯᠡᠨ ᠰᠠᠬᠢᠬᠤ ᠵᠡᠷᠭᠡ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠭᠦᠨᠵᠡᠭᠡᠢ ᠰᠠᠶᠢᠲᠤᠷ ᠬᠢᠵᠦ᠂ ᠣᠶ ᠰᠢᠭᠤᠢ ᠨᠤᠲᠤᠭ ᠪᠡᠯᠴᠢᠭᠡᠷ ᠤᠨ  ᠭᠠᠯ ᠰᠡᠷᠭᠡᠶᠢᠯᠡᠨ ᠤᠨᠲᠠᠷᠠᠭᠠᠬᠤ ᠲᠣᠣᠷ ᠰᠦᠯᠵᠢᠶ᠎ᠡ ᠶᠢ ᠪᠠᠲᠤ ᠪᠠᠬᠢ ᠪᠥᠭᠡᠳ ᠨᠢᠭᠲᠠ ᠪᠠᠶᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠬᠢᠨ ᠬᠠᠮᠠᠭᠠᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠭᠰᠠᠨ ︽ᠨᠠᠢᠮᠠᠨ ᠶᠡᠭᠡ ᠠᠵᠢᠯᠯᠠᠭ᠎ᠠ︾ ᠪᠣᠯᠣᠨ ︽ᠬᠤᠷᠢᠨ ᠵᠤᠷᠪᠤᠰ︾ ᠤᠨ ᠪᠣᠳᠠᠲᠠᠢ ᠠᠷᠭ᠎ᠠ ᠬᠡᠮᠵᠢᠶ᠎ᠡ ᠵᠢᠴᠢ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠪᠣᠯᠣᠨ ᠭᠤᠣᠯᠳᠠᠯᠭ᠎ᠠ ᠲᠠᠢ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠮᠤᠷ ᠲᠦᠪᠰᠢᠨ ᠤ ᠭᠡᠮ ᠰᠣᠭᠤᠭ ᠢ ᠦᠨᠡᠨᠬᠦ ᠬᠤᠷᠢᠭᠯᠠᠵᠤ᠂ ᠮᠥᠨ ᠴᠢᠨᠠᠷ ᠤᠨ ᠠᠮᠤᠷ ᠲᠦᠪᠰᠢᠨ ᠤ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠵᠢ  ᠃      ᠰᠢᠯᠢ ᠶᠢᠨ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠵᠢᠴᠢ ᠬᠡᠰᠡᠭ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ  ᠤᠷᠤᠯᠴᠠᠵᠠᠢ᠃      ᠲᠣᠭᠤᠷ ᠣᠷᠴᠢᠭᠤᠯᠣᠨ ᠨᠠᠶᠢᠷᠠᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号