︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠪᠠᠶᠠᠨᠪᠤᠯᠠᠭ ᠰᠤᠮᠤᠨ ᠤ ᠨᠠᠷᠠᠨᠪᠤᠯᠠᠭ ᠭᠠᠴᠠᠭᠠᠨ ᠠᠴᠠ ︽ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠦᠭᠬᠦ ︿ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠬᠠᠶᠢᠷᠴᠠᠭ﹀ ᠲᠠᠷᠬᠠᠭᠠᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/27
     ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠶᠡᠷᠦᠩᠬᠡᠶ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠰᠠᠭᠤᠷᠢ ᠶᠢ ᠪᠠᠲᠤ ᠴᠣᠭᠴᠠᠯᠠᠵᠤ᠂ ᠮᠠᠯᠴᠢᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ ᠢ ᠨᠡᠮᠡᠭᠳᠡᠭᠦᠯᠬᠦ ᠶᠢᠨ ᠲᠥᠯᠥᠭᠡ᠂ ᠬᠡᠳᠦᠨ ᠡᠳᠦᠷ ᠤᠨ ᠲᠤᠷᠰᠢ᠂ ᠪᠠᠶᠠᠨᠪᠤᠯᠠᠭ ᠰᠤᠮᠤᠨ ᠤ ᠨᠠᠷᠠᠨᠪᠤᠯᠠᠭ ᠭᠠᠴᠠᠭ᠎ᠠ ︽ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠦᠭᠬᠦ︾ ᠠᠵᠢᠯᠯᠠᠭ᠎ᠠ ᠳᠤ ᠲᠦᠰᠢᠭᠯᠡᠨ᠂ ᠭᠠᠴᠠᠭᠠᠨ ᠤ ᠨᠢᠭᠡᠳᠦᠭᠡᠷ ᠱᠦᠵᠢ᠂ ᠲᠣᠰᠬᠤᠨ ᠳᠤ ᠰᠠᠭᠤᠭ᠎ᠠ ᠠᠵᠢᠯ ᠤᠨ ᠭᠡᠰᠢᠭᠦᠨ᠂ ᠲᠤᠰᠢᠶᠠᠯ ᠡᠭᠦᠷᠭᠡᠯᠡᠨ ᠰᠣᠩᠭᠤᠨ ᠰᠢᠯᠵᠢᠭᠦᠯᠬᠦ ᠰᠣᠷᠣᠭᠴᠢ ᠠᠴᠠ ᠠᠵᠢᠯ ᠤᠨ ᠵᠠᠷᠤᠳᠠᠯ ᠢᠶᠠᠨ ᠠᠰᠢᠭᠯᠠᠨ᠂ ᠬᠠᠮᠢᠶ᠎ᠠ ᠪᠥᠬᠦᠶ ᠡᠳ᠋ ᠪᠣᠳᠠᠰ ᠬᠤᠳᠠᠯᠳᠤᠨ ᠠᠪᠴᠤ᠂ ᠮᠠᠯᠵᠢᠬᠤ ᠡᠷᠦᠬᠡ ᠳᠤ ︽ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠬᠠᠶᠢᠷᠴᠠᠭ︾ ᠲᠠᠷᠬᠠᠭᠠᠪᠠ᠃      ᠲᠥᠯ ᠲᠤᠰᠴᠤ ᠪᠤᠶᠢᠵᠢᠭᠤᠯᠬᠤ ᠳᠤ ᠦᠷᠭᠦᠯᠵᠢ ᠲᠣᠬᠢᠶᠠᠯᠳᠤᠳᠠᠭ ᠪᠠᠺᠲ᠋ᠧᠷᠢ ᠶᠢᠨ ᠴᠢᠨᠠᠷᠲᠠᠶ ᠬᠠᠯᠳᠠᠪᠤᠷᠢᠯᠠᠯ᠂ ᠰᠠᠯᠠᠭᠠᠲᠤ ᠪᠡᠶ᠎ᠡ ᠶᠢᠨ ᠬᠠᠯᠳᠠᠪᠤᠷᠢᠯᠠᠯ᠂ ᠰᠠᠭᠤᠯᠭᠠᠬᠤ᠂ ᠰᠢᠩᠭᠡᠭᠡᠯᠲᠡ ᠮᠠᠭᠤᠳᠠᠬᠤ ᠵᠡᠷᠭᠡ ᠠᠰᠠᠭᠤᠳᠠᠯ ᠳᠤ ᠴᠢᠭᠯᠡᠭᠦᠯᠦᠨ᠂ ︽ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠬᠠᠶᠢᠷᠴᠠᠭ︾᠎ ᠲᠤ ᠡᠯ᠎ᠡ ᠵᠦᠢᠯ ᠤᠨ ᠮᠠᠯ ᠤᠨ ᠡᠮ᠂ 50 ml᠂ 20 ml᠂ 5 ml ‍ᠦᠨ‌‍ᠲ᠋ᠠᠷᠢᠯᠭ᠎ᠠ ᠶᠢᠨ ᠪᠠᠭᠠᠵᠢ ᠪᠠ ᠲᠠᠷᠢᠯᠭ᠎ᠠ ᠶᠢᠨ ᠵᠡᠭᠦᠦ ᠵᠢᠴᠢ ᠭᠤᠮ ᠪᠡᠭᠡᠯᠡᠶ᠂ ᠤᠲᠠᠰᠤᠨ ᠪᠡᠭᠡᠯᠡᠶ ᠵᠡᠷᠭᠡ ᠶᠢ ᠨᠠᠷᠢᠯᠢᠭ ᠲᠤᠬᠢᠷᠠᠭᠤᠯᠪᠠ᠃       ᠲᠤᠬᠠᠶ ᠶᠢᠨ ᠲᠠᠯᠠᠪᠠᠶ ᠳᠤ᠂ ᠠᠵᠢᠯᠲᠠᠳ ᠠᠴᠠ ᠮᠠᠯᠴᠢᠨ ᠲᠦᠮᠡᠨ ᠳᠤ ᠡᠯ᠎ᠡ ᠲᠥᠷᠥᠯ ᠤᠨ ᠡᠮ ᠤᠨ ᠬᠡᠷᠡᠭᠯᠡᠬᠦ ᠠᠷᠭ᠎ᠠ᠂ ᠡᠮ ᠤᠨ ᠬᠡᠮᠵᠢᠶ᠎ᠡ ᠵᠢᠴᠢ ᠠᠩᠬᠠᠷᠬᠤ ᠵᠦᠢᠯᠡᠰ ᠢ ᠨᠠᠷᠢᠨ ᠲᠠᠨᠢᠯᠴᠠᠭᠤᠯᠵᠤ᠂ ᠰᠡᠭᠦᠯᠴᠢ ᠶᠢᠨ ᠬᠤᠭᠤᠴᠠᠭᠠᠨ ᠳᠤ ᠬᠡᠷᠬᠢᠨ ᠬᠠᠮᠢᠶᠠᠷᠬᠤ᠂ ᠬᠥᠩᠭᠡᠵᠢᠬᠦ ᠵᠢᠴᠢ ᠪᠤᠶᠢᠵᠢᠭᠤᠯᠬᠤ ᠬᠠᠰᠢᠶ᠎ᠠ ᠰᠠᠷᠠᠪᠴᠢ ᠶᠢ ᠴᠡᠪᠡᠷᠯᠡᠨ ᠠᠷᠢᠭᠤᠳᠬᠠᠬᠤ᠂ ᠬᠥᠩᠭᠡᠵᠢᠭᠦᠯᠬᠦ ᠳᠤ ᠠᠩᠬᠠᠷᠬᠤ ᠵᠦᠢᠯ᠂ ᠪᠡᠷᠬᠡ ᠬᠥᠩᠭᠡᠵᠢᠯᠲᠡ ᠶᠢ ᠰᠢᠢᠳᠪᠤᠷᠢᠯᠠᠬᠤ ᠠᠷᠭ᠎ᠠ᠂ ᠬᠥᠩᠭᠡᠵᠢᠭᠰᠡᠨ ᠤ ᠳᠠᠷᠠᠭ᠎ᠠ ᠬᠡᠷᠬᠢᠨ ᠲᠡᠵᠢᠭᠡᠬᠦ᠂ ᠲᠤᠭᠤᠯ ᠢ ᠰᠦ ᠠᠴᠠ ᠰᠠᠯᠭᠠᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠶᠢ ᠭᠤᠤᠯᠳᠠᠯᠭ᠎ᠠ ᠲᠠᠢ ᠲᠠᠶᠢᠯᠪᠤᠷᠢᠯᠠᠬᠤ ᠶᠢᠨ ᠬᠠᠮᠲᠤ ᠬᠠᠪᠤᠷ ᠤᠨ ᠤᠯᠠᠷᠢᠯ ᠳᠤ ᠲᠥᠯ ᠲᠣᠰᠬᠤ᠂ ᠡᠪᠡᠰᠦ ᠪᠣᠷᠳᠤᠭ᠎ᠠ ᠨᠥᠭᠡᠴᠡᠯᠡᠬᠦ ᠪᠠᠶᠢᠳᠠᠯ ᠢ ᠤᠶᠢᠯᠠᠭᠠᠨ᠂ ᠬᠠᠰᠢᠶᠠᠯᠠᠭ᠎ᠠ ᠵᠢᠴᠢ ᠬᠠᠪᠤᠷ ᠤᠨ ᠤᠯᠠᠷᠢᠯ ᠳᠤ ᠭᠠᠯ ᠰᠡᠷᠭᠡᠶᠢᠯᠡᠬᠦ ᠵᠡᠷᠭᠡ ᠠᠭᠤᠯᠭ᠎ᠠ ᠶᠢ ᠤᠬᠠᠭᠤᠯᠪᠠ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 80 ᠭᠠᠷᠤᠶ ᠬᠤᠪᠢ ︽ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠬᠠᠶᠢᠷᠴᠠᠭ︾᠎ ᠢ ᠲᠠᠷᠬᠠᠭᠠᠵᠤ᠂ 200 ᠭᠠᠷᠤᠶ ᠮᠠᠯᠴᠢᠳ ᠲᠤ ᠨᠡᠶᠢᠳᠡᠮ ᠠᠰᠢᠭ ᠬᠦᠷᠲᠡᠭᠡᠪᠡ᠃      ᠪᠠᠶᠠᠨᠪᠤᠯᠠᠭ ᠰᠤᠮᠤᠨ ᠤ ᠨᠠᠷᠠᠨᠪᠤᠯᠠᠭ ᠭᠠᠴᠠᠭ᠎ᠠ ᠨᠢ ᠮᠠᠯᠴᠢᠨ ᠲᠦᠮᠡᠨ ᠤ ︽ᠪᠠᠴᠢᠮ ᠲᠤᠯᠭᠠᠮ᠂ ᠬᠦᠴᠢᠷ ᠵᠤᠪᠠᠭᠤᠷᠢᠲᠠᠢ᠂ ᠬᠦᠰᠡᠯ ᠡᠷᠡᠮᠡᠯᠵᠡᠯ︾᠎ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠠᠵᠢᠯᠯᠠᠭ᠎ᠠ ᠶᠢᠨ ᠬᠡᠯᠪᠡᠷᠢ ᠶᠢ ᠦᠷᠭᠦᠯᠵᠢᠯᠡᠨ ᠰᠢᠨᠡᠴᠢᠯᠡᠵᠦ᠂ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠮᠠᠯᠴᠢᠳ ᠲᠤ ᠦᠨᠡᠨ ᠬᠦ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ ᠪᠣᠳᠠᠲᠤ ᠠᠰᠢᠭ ᠢ ᠬᠦᠷᠲᠡᠭᠡᠵᠦ᠂ ᠨᠠᠮ ᠤᠨ ᠰᠠᠶᠢᠨ ᠲᠥᠷᠥ ᠶᠢᠨ ᠪᠣᠳᠣᠯᠭ᠎ᠠ ᠶᠢ ᠦᠨᠡᠨ ᠬᠦ ᠠᠷᠠᠳ ᠲᠤ ᠨᠠᠶᠢᠳᠠᠪᠤᠷᠢᠵᠢᠭᠤᠯᠤᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号