— ᠲᠤᠮᠤ ᠬᠡᠯᠪᠡᠷᠢ ᠶᠢᠨ ᠪᠤᠳᠠᠳᠤ ᠦᠵᠡᠭᠳᠡᠯᠳᠦ ᠵᠥᠴᠦᠭᠡ ︽ᠮᠤᠩᠭᠤᠯ ᠮᠤᠷᠢ︾ ᠶᠢᠨ ᠳᠤᠬᠠᠢ | ᠰᠤᠷᠪᠤᠯᠵᠢᠯᠠᠭᠠᠳ | ᠰᠤᠷᠪᠤᠯᠵᠢᠯᠠᠭᠴᠢ ᠢᠪᠡᠭᠡᠯ | ᠤᠶᠢᠷ ᠠ ᠶᠢᠨ ᠵᠢᠯ ᠳᠤ᠂ ᠮᠠᠨ ᠤ ᠠᠶᠢᠮᠠᠭ ᠰᠤᠶᠤᠯ ᠵᠢᠭᠤᠯᠴᠢᠯᠠᠯ ᠤᠨ ᠡᠬᠢ ᠪᠠᠶᠠᠯᠢᠭ ᠤᠨ | ᠳᠠᠪᠠᠭᠤᠯᠢᠭ ᠲᠠᠭᠠᠨ ᠰᠠᠭᠤᠷᠢᠯᠠᠨ᠂ ᠲᠡᠦᠬᠡ ᠰᠤᠶᠤᠯ ᠤᠨ ᠡᠬᠢ ᠪᠠᠶᠠᠯᠢᠭ ᠢ ᠬᠦᠨᠵᠡᠭᠡᠢ ᠠᠭᠤᠳᠠᠯᠵᠤ᠂ ᠰᠤᠶᠤᠯ | ᠵᠢᠭᠤᠯᠴᠢᠯᠠᠯ ᠤᠨ ᠠᠭᠤᠰᠤᠯᠴᠠᠨ ᠬᠥᠭᠵᠢᠬᠦ ᠰᠢᠨ᠎ᠡ ᠵᠠᠮ ᠢ ᠢᠳᠡᠪᠬᠢᠳᠠᠢ ᠬᠠᠶᠢᠨ ᠰᠥᠪᠡᠭᠴᠢᠯᠡᠨ᠂ ᠠᠭᠤᠯᠭ᠎ᠠ ᠪᠠᠷ | ᠪᠠᠶᠠᠯᠢᠭ᠂ ᠤᠯᠠᠨ ᠬᠡᠯᠪᠡᠷᠢ ᠮᠠᠶ᠋ᠢᠭ ᠤᠨ ᠤᠨᠴᠠᠯᠢᠭᠳᠤ ᠰᠤᠶᠤᠯ ᠵᠢᠭᠤᠯᠴᠢᠯᠠᠯ ᠤᠨ ︽ᠨᠡᠷᠡᠳᠦ ᠲᠡᠮᠳᠡᠭ︾ ᠡᠭᠦᠳᠦᠨ | ᠪᠥᠳᠦᠭᠡᠬᠦ ᠠᠵᠢᠯ ᠢ ᠡᠷᠴᠢᠮᠳᠡᠢ ᠠᠳᠬᠤᠭᠰᠠᠭᠠᠷ ᠢᠷᠡᠭᠰᠡᠨ ᠢᠶᠠᠷ ᠨᠢᠭᠡ ᠪᠥᠯᠥᠭ ᠰᠤᠶᠤᠯ ᠵᠢᠭᠤᠯᠴᠢᠯᠠᠯ ᠤᠨ ᠰᠤᠳᠤᠨ | ᠪᠥᠳᠦᠭᠡᠯ ᠢ ᠨᠡᠶᠢᠳᠡ ᠲᠦᠮᠡᠨ ᠤ ᠡᠮᠦᠨ᠎ᠡ ᠲᠡᠯᠭᠡᠨ ᠭᠠᠷᠭᠠᠵᠤ᠂ ᠪᠥᠬᠦ ᠠᠶᠢᠮᠠᠭ ᠤᠨ ᠵᠢᠭᠤᠯᠴᠢᠯᠠᠯ ᠤᠨ ᠠᠵᠢᠯ ᠢ | ᠠᠬᠢᠭᠤᠯᠬᠤ ᠰᠢᠨ᠎ᠡ ᠬᠦᠴᠦᠨ ᠵᠦᠢᠯ ᠢ ᠪᠤᠢ ᠪᠤᠯᠭᠠᠵᠠᠢ᠃ ᠬᠡᠳᠦᠨ ᠵᠢᠯ ᠤᠨ ᠰᠢᠷᠭᠠᠭᠤ ᠬᠥᠳᠡᠯᠮᠥᠷᠢ ᠶᠢᠨ ᠵᠢᠷᠦᠬᠡᠨ | ᠲᠠᠮᠢᠷ ᠢᠶᠠᠷ ᠪᠥᠳᠦᠭᠰᠡᠨ ᠲᠤᠮᠤ ᠬᠡᠯᠪᠡᠷᠢ ᠶᠢᠨ ᠪᠤᠳᠠᠳᠤ ᠦᠵᠡᠭᠳᠡᠯᠳᠦ ᠵᠥᠴᠦᠭᠡ ︽ᠮᠤᠩᠭᠤᠯ ᠮᠤᠷᠢ︾ ᠪᠤᠯ ᠲᠠᠷᠤᠢ | ᠲᠡᠭᠦᠨ ᠤ ᠲᠤᠳᠤᠷᠠᠬᠢ ᠤᠳᠤ ᠰᠤᠳᠤ ᠪᠤᠯᠤᠭᠰᠠᠨ ᠤᠷᠠᠨ ᠪᠥᠳᠦᠭᠡᠯ ᠪᠤᠯᠤᠨ᠎ᠠ᠃ | ᠮᠠᠨ ᠤ ᠠᠶᠢᠮᠠᠭ ᠮᠤᠩᠭᠤᠯ ᠠᠳᠤᠭᠤ ᠶᠢ ᠬᠠᠮᠠᠭᠠᠯᠠᠨ᠂ ᠮᠤᠩᠭᠤᠯ ᠠᠳᠤᠭᠤ ᠶᠢ ᠦᠷᠡᠵᠢᠭᠦᠯᠬᠦ ᠲᠤᠬᠠᠢ ᠡᠳᠦᠢ | ᠲᠡᠳᠦᠢ ᠪᠤᠳᠠᠳᠠᠢ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠶᠢ ᠲᠤᠭᠳᠠᠭᠠᠭᠰᠠᠨ ᠢᠶᠠᠷ ᠮᠤᠩᠭᠤᠯ ᠠᠳᠤᠭᠤᠨ ᠤ | ᠲᠤᠭ᠎ᠠ ᠲᠤᠭᠳᠠᠭᠤᠨ ᠢᠶᠠᠷ ᠨᠡᠮᠡᠭᠳᠡᠨ ᠤᠳᠤ ᠪᠤᠯᠬᠤ ᠳᠤ ᠪᠥᠬᠦ ᠠᠶᠢᠮᠠᠭ ᠲᠤ 25 ᠲᠦᠮᠡᠨ ᠮᠣᠩᠭᠤᠯ ᠠᠳᠤᠭᠤ ᠲᠠᠢ | ᠪᠤᠯᠵᠤ ᠠᠳᠤᠭᠤᠨ ᠰᠤᠶᠤᠯ ᠤᠨ ᠲᠥᠷᠦᠯ ᠲᠡᠮᠳᠡᠭ ᠢ ᠡᠭᠦᠳᠬᠦ ᠪᠠᠳᠤ ᠪᠠᠬᠢ ᠰᠠᠭᠤᠷᠢ ᠶᠢ ᠴᠤᠭᠴᠠᠯᠠᠵᠠᠢ᠃ ᠤᠷᠳᠤ | ᠤᠳᠠᠭᠠᠨ ᠲᠡᠥᠬᠡ ᠶᠢᠨ ᠶᠠᠪᠤᠴᠠ ᠳᠤ᠂ ᠡᠵᠡᠨ᠂ ᠨᠤᠲᠤᠭ ᠲᠠᠭᠠᠨ ᠡᠭᠡᠯᠢᠳᠠᠢ ᠮᠤᠩᠭᠤᠯ ᠠᠳᠤᠭᠤ ᠶᠢᠨ ᠡᠷᠴᠢ ᠬᠤᠷᠳᠤ | ᠂ ᠡᠷᠡᠮᠡᠬᠡᠢ ᠰᠢᠨᠳᠠᠰᠤᠯᠢᠭ ᠴᠢᠨᠠᠷ ᠨᠢ ᠮᠠᠯᠴᠢᠨ ᠲᠦᠮᠡᠨ ᠤ ᠮᠠᠨᠢ ᠪᠡᠶ ᠡ ᠤᠶᠤᠨ ᠰᠠᠨᠠᠭᠠᠨ ᠳᠤ ᠠᠭᠤᠰᠤᠭᠰᠠᠨ ᠡᠷᠬᠢᠮ | ᠨᠠᠨᠳᠢᠨ ᠵᠤᠷᠢᠭ ᠰᠠᠨᠠᠭᠠᠨ ᠤ ᠥᠪ ᠬᠥᠷᠥᠩᠭᠡ ᠪᠤᠯᠤᠭᠰᠠᠨ ᠪᠠᠶᠢᠳᠠᠭ ᠢᠶᠠᠷ᠂ ᠶᠡᠷᠦᠩᠬᠡᠢ ᠱᠦᠵᠢ ᠰᠢ ᠶᠢᠨ ᠫᠢᠡᠭ | ᠥᠪᠥᠷ ᠮᠤᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠥᠪᠥᠷ ᠮᠤᠩᠭᠤᠯ ᠤᠨ ᠺᠠᠳ᠋ᠷ ᠤᠯᠠᠨ ᠲᠦᠮᠡᠨ ᠢ ᠠᠵᠢᠯ | ᠦᠢᠯᠡᠰ ᠪᠤᠰᠬᠠᠬᠤ ᠳᠠᠭᠠᠨ ᠮᠤᠩᠭᠤᠯ ᠮᠤᠷᠢ ᠰᠢᠬ ᠲᠡᠰᠪᠦᠷᠢ ᠬᠠᠳᠠᠭᠤᠵᠢᠯᠳᠠᠢ᠂ ᠴᠤᠴᠠᠯᠳᠠ ᠦᠭᠡᠢ ᠤᠷᠤᠭᠰᠢᠯᠠᠵᠦ᠂ | ᠵᠤᠷᠢᠭᠰᠠᠨ ᠳᠠᠭᠠᠨ ᠵᠠᠪᠠᠯ ᠬᠦᠷᠬᠦ ︽ᠮᠤᠩᠭᠤᠯ ᠮᠤᠷᠢᠨ ᠤ ᠵᠤᠷᠢᠭ ᠰᠠᠨᠠᠭ᠎ᠠ︾ ᠲᠠᠢ ᠪᠠᠶᠢᠬᠤ ᠬᠡᠷᠡᠭᠳᠡᠢ ᠭᠡᠰᠡᠨ | ᠲᠠᠶᠢᠴᠢᠨ ᠤᠷᠢᠶᠠᠯᠠᠭ᠎ᠠ ᠶᠢ ᠳᠤᠷᠠᠳᠤᠨ ᠭᠠᠷᠭᠠᠭᠰᠠᠨ ᠪᠠᠶᠢᠳᠠᠭ᠃ | ᠶᠡᠷᠦᠩᠬᠡᠢ ᠱᠦᠵᠢ ᠰᠢ ᠶᠢᠨ ᠫᠢᠡᠭ ᠤᠨ ᠶᠠᠷᠢᠶᠠᠨ ᠤ ᠵᠤᠷᠢᠭ ᠰᠠᠨᠠᠭ᠎ᠠ ᠶᠢ ᠲᠤᠭᠤᠰᠢᠯᠠᠭᠤᠯᠵᠦ᠂ ︽ᠮᠤᠩᠭᠤᠯ | ᠮᠤᠷᠢᠨ ᠤ ᠵᠤᠷᠢᠭ ᠰᠠᠨᠠᠭ᠎ᠠ︾ ᠶᠢ ᠪᠠᠳᠠᠷᠠᠭᠤᠯᠤᠨ᠂ ᠥᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 | ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠤᠯᠤᠨ | ᠰᠢᠯᠢ ᠶᠢᠨ ᠬᠤᠳᠠ ᠶᠢᠨ ᠨᠠᠮ ᠤᠨ ᠬᠤᠷᠢᠶ ᠠ᠂ ᠵᠠᠰᠠᠭ ᠤᠨ ᠤᠷᠳᠤᠨ ᠤ ᠬᠦᠴᠦᠲᠠᠢ ᠲᠡᠮᠵᠢᠯᠭᠡ ᠳᠤᠤᠷ ᠠ᠂ | ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠲᠤᠮᠤ ᠬᠡᠯᠪᠡᠷᠢ ᠶᠢᠨ ᠪᠤᠳᠠᠳᠤ ᠦᠵᠡᠭᠳᠡᠯᠳᠦ | ᠵᠦᠴᠦᠭᠡ ︽ᠮᠤᠩᠭᠤᠯ ᠮᠤᠷᠢ︾ ᠶᠢ ᠵᠤᠬᠢᠶᠠᠨ ᠪᠥᠳᠦᠭᠡᠬᠦ ᠠᠵᠢᠯ ᠢ ᠡᠬᠢᠯᠡᠭᠦᠯᠦᠭᠰᠡᠨ ᠪᠠᠶᠢᠪᠠ᠃ | ᠤᠶᠢᠯᠠᠭᠠᠭᠰᠠᠨ ᠢᠶᠠᠷ᠂ ᠲᠤᠰ ᠵᠦᠴᠦᠭᠡ ᠶᠢ 2017 ᠤᠨ ᠳᠤ᠂ ︽ᠠᠯᠳᠠᠨ ᠳᠠᠬᠢᠶ ᠠ︾ ᠱᠠᠩᠨᠠᠯᠳᠤ | ᠨᠡᠷᠡᠳᠦ ᠤᠳᠤᠷᠢᠳᠤᠭᠠᠴᠢ ᠨᠢᠩ ᠼᠠᠢ ᠨᠠᠷ ᠬᠠᠮᠳᠤᠪᠠᠷ ᠦᠢᠯᠡᠳᠴᠤ᠂ ᠰᠢᠯᠢ ᠶᠢᠨ ᠭᠤᠤᠯ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠠᠴᠠ ᠭᠤᠤᠯᠯᠠᠨ ᠬᠠᠷᠢᠭᠤᠴᠠᠭᠰᠠᠨ ᠪᠠᠶᠢᠨ᠎ᠠ᠃ ᠲᠤᠰ ᠵᠦᠴᠦᠭᠡ ᠨᠢ ᠠᠷᠪᠠᠨ ᠳᠦᠷᠪᠡᠨ | ᠪᠥᠯᠥᠭ ᠢᠶᠠᠷ ᠪᠦᠷᠢᠯᠳᠦᠵᠦ᠂ ︽ᠲᠠᠶᠢᠨ︾ ᠬᠢᠭᠡᠳ ︽ᠬᠠᠶᠢᠷ ᠠ ᠰᠡᠳᠭᠢᠯᠭᠡ︾ ᠭᠡᠬᠦ ᠬᠤᠶᠠᠷ ᠰᠢᠵᠢᠮ ᠢᠶᠠᠷ | ᠬᠡᠯᠬᠢᠭᠳᠡᠭᠰᠡᠨ ᠪᠠᠶᠢᠳᠠᠭ᠃ ᠵᠥᠴᠦᠭᠡ ᠳᠤ᠂ ᠵᠠᠯᠠᠭᠤ ᠪᠠᠶᠢᠯᠳᠤᠭᠴᠢ ᠤᠷᠢᠶᠠᠩᠬᠠᠢ ᠲᠠᠶᠢᠨ ᠳᠤ ᠮᠤᠷᠳᠠᠵᠦ᠂ ᠲᠠᠶᠢᠨ ᠤ | ᠳᠤᠮᠳᠠ ᠬᠦᠨᠳᠦ ᠰᠢᠷᠬᠠᠳᠤᠭᠰᠠᠨ ᠪᠠᠶᠢᠳᠠᠯ ᠳᠤᠤᠷ ᠠ ᠬᠠᠶᠢᠷᠠᠳᠠᠢ ᠮᠤᠷᠢ ᠨᠢ ᠲᠡᠭᠦᠨ ᠳᠤ ᠳᠦᠰᠢᠭ ᠪᠤᠯᠤᠭᠰᠡᠨ | ᠰᠡᠳᠭᠢᠯ ᠬᠥᠳᠡᠯᠭᠡᠮ᠎ᠡ ᠦᠯᠢᠭᠡᠷ ᠵᠢᠴᠢ ᠵᠠᠯᠠᠭᠤ ᠪᠠᠶᠢᠯᠳᠤᠭᠴᠢ ᠤᠷᠢᠶᠠᠩᠬᠠᠢ ᠪᠤᠯᠤᠨ ᠠᠨᠤᠵᠢᠨ ᠬᠤᠶᠠᠷ ᠤᠨ ᠲᠠᠶᠢᠨ | ᠪᠠᠶᠢᠯᠳᠤᠭᠠᠨ ᠤ ᠳᠤᠮᠳᠠᠬᠢ ᠭᠤᠨᠢᠭᠳᠤ ᠬᠠᠶᠢᠷ ᠠ ᠰᠡᠳᠭᠢᠯᠭᠡ ᠪᠠᠷ ᠦᠯᠢᠭᠡᠷᠯᠡᠵᠦ᠂ ᠮᠤᠩᠭᠤᠯ ᠬᠦᠮᠦᠨ ᠪᠠ ᠮᠤᠩᠭᠤᠯ | ᠮᠤᠷᠢᠨ ᠤ ᠰᠠᠯᠤᠰᠢ ᠦᠭᠡᠢ ᠬᠤᠪᠢ ᠪᠠᠷᠢᠯᠳᠤᠯᠭ᠎ᠠ ᠢᠢ ᠲᠤᠰᠬᠠᠨ᠂ ᠲᠠᠶᠢᠨ ᠳᠤ ᠮᠤᠷᠳᠠᠭᠰᠠᠨ ᠪᠠᠭᠠᠳᠤᠷ | ᠡᠷᠡᠴᠤᠤᠯ ᠤᠨ ᠨᠤᠭᠤᠷᠠᠯ ᠪᠦᠲᠦᠷᠢᠯ ᠠᠴᠠ ᠠᠶᠤᠬᠤ ᠦᠭᠡᠢ ᠰᠢᠨᠳᠠᠷᠠᠰᠢ ᠦᠭᠡᠢ ᠲᠡᠮᠡᠴᠡᠨ᠂ ᠡᠬᠡ ᠤᠷᠤᠨ ᠤ ᠪᠠᠨ | ᠲᠥᠯᠥᠭᠡ ᠭᠤᠶᠠᠴᠢ ᠦᠭᠡᠢ ᠵᠢᠳᠭᠦᠵᠦ᠂ ᠮᠤᠩᠭᠤᠯ ᠮᠤᠷᠢᠨ ᠤ ᠵᠤᠷᠢᠭ ᠰᠠᠨᠠᠭ᠎ᠠ ᠪᠠᠷ ᠡᠬᠡ ᠤᠷᠤᠨ ᠢᠶᠠᠨ ᠬᠠᠮᠠᠭᠠᠯᠠᠵᠦ | ᠢᠷᠡᠭᠰᠡᠨ ᠦᠢᠯᠡ ᠶᠠᠪᠤᠳᠠᠯ ᠢ ᠠᠮᠢᠳᠤᠯᠢᠭ ᠢᠶᠠᠷ ᠵᠢᠷᠤᠭᠯᠠᠨ ᠲᠤᠰᠬᠠᠬᠰᠠᠨ ᠪᠠᠶᠢᠨ᠎ᠠ᠃ ᠲᠤᠰ ᠵᠦᠴᠦᠭᠡ ᠳᠤ | ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠤᠭᠴᠢ ᠶᠢ ᠪᠠᠭᠳᠠᠭᠠᠭᠰᠠᠨ 400 | ᠲᠤᠭᠯᠠᠭᠴᠢ᠂ 120 ᠮᠤᠩᠭᠤᠯ ᠮᠤᠷᠢ ᠤᠷᠤᠯᠴᠠᠵᠦ᠂ ᠤᠯᠤᠰ ᠤᠨ ᠲᠤᠳᠤᠨ᠎ᠠ ᠭᠠᠳᠠᠨᠠᠬᠢ ᠦᠨᠳᠦᠷ ᠲᠡᠰ ᠤᠨ | ᠤᠷᠠᠨ ᠪᠦᠲᠦᠭᠡᠯᠴᠢᠳ ᠤᠨ ᠪᠠᠭ ᠤᠨ ᠬᠢᠨ ᠲᠥᠰᠥᠪᠯᠡᠨ᠂ ᠮᠤᠷᠢᠨ ᠮᠡᠷᠭᠡᠵᠢᠯ᠂ ᠮᠤᠩᠭᠤᠯ ᠦᠨᠳᠦᠰᠦᠳᠡᠨ ᠤ ᠳᠠᠭᠤᠤ | ᠪᠥᠵᠢᠭ᠂ ᠼᠢᠷᠺ ᠵᠡᠷᠭᠡ ᠶᠢ ᠠᠭᠤᠰᠤᠯᠴᠠᠭᠤᠯᠵᠤ᠂ ᠤᠳᠤᠬᠢ ᠲᠡᠷᠢᠭᠦᠨ ᠤ ᠮᠡᠷᠭᠡᠵᠢᠯ᠂ ᠳ᠋ᠸᠡᠭ᠂ ᠭᠡᠷᠡᠯ ᠵᠡᠷᠭᠡ ᠶᠢ | ᠬᠠᠪᠰᠤᠷᠭᠠᠭᠰᠠᠨ ᠠᠴᠠ ᠪᠦᠬᠦ᠋ᠢᠯᠡ ᠵᠦᠴᠦᠭᠡ ᠨᠢ ᠦᠵᠡᠭᠴᠢᠳ ᠤᠨ ᠬᠠᠷᠠᠭᠠᠨ ᠰᠡᠷᠡᠯ ᠪᠤᠯᠤᠨ ᠰᠤᠨᠤᠷ ᠤᠨ | ᠰᠡᠷᠡᠯ ᠳᠤ ᠲᠠᠭᠠᠰᠢᠶᠠᠯ ᠪᠤᠯᠤᠭᠰᠠᠨ ᠪᠠᠶᠢᠨ᠎ᠠ᠃ ᠵᠦᠴᠦᠭᠡ ᠶᠢᠨ ᠲᠤᠭᠯᠠᠭᠴᠢᠳ ᠨᠢ ᠲᠤᠰᠬᠠᠢ ᠮᠡᠷᠭᠡᠵᠢᠯ ᠤᠨ | ᠼᠢᠷᠺ ᠤᠨ ᠲᠤᠭᠯᠠᠭᠴᠢ ᠶᠢ ᠭᠠᠷᠭᠠᠪᠠᠯ ᠪᠤᠰᠤᠳ ᠨᠢ ᠴᠦᠮ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠪᠠᠭᠰᠢ ᠰᠤᠷᠤᠭᠴᠢᠳ ᠢᠶᠠᠷ ᠪᠦᠷᠢᠯᠳᠦᠭᠰᠡᠨ ᠪᠠᠶᠢᠨ᠎ᠠ᠃ | ᠡᠨᠡᠬᠦ ᠵᠥᠴᠦᠭᠡ ᠨᠢ᠂ 2017 ᠤᠨ ᠳᠤ ᠠᠩᠬ᠎ᠠ ᠡᠬᠢᠯᠡᠨ ᠪᠤᠳᠠᠳᠤ ᠦᠵᠡᠭᠳᠡᠯ ᠢ ᠵᠢᠷᠤᠭᠯᠠᠬᠤ 88 ᠲᠠᠯᠠᠪᠠᠢ | ᠲᠤᠭᠯᠠᠯᠳᠠ ᠭᠠᠷᠭᠠᠬᠤ ᠶᠠᠪᠤᠴᠠ ᠳᠤ 10 ᠲᠥᠮᠡᠨ ᠦᠵᠡᠭᠴᠢ ᠶᠢ ᠲᠠᠳᠠᠭᠰᠠᠨ ᠲᠡᠳᠦᠢ ᠦᠭᠡᠢ᠂ ᠲᠡᠭᠦᠨ ᠠᠴᠠ ᠪᠠᠨ | ᠵᠠᠯᠭᠠᠨ 288 ᠲᠠᠯᠠᠪᠠᠢ ᠲᠤᠭᠯᠠᠯᠳᠠ ᠶᠢᠨ ᠦᠢᠯᠡᠳᠦᠯᠭᠡ ᠶᠢ ᠥᠩᠭᠡᠷᠡᠭᠡᠭᠡᠳ 2019 ᠤᠨ ᠳᠤ ᠵᠠᠰᠠᠯᠳᠠ ᠪᠠ | 2020 ᠤᠨ ᠤ ᠲᠠᠬᠢᠨ ᠵᠠᠰᠠᠯᠳᠠ ᠤᠷᠤᠭᠤᠯᠬᠤ ᠪᠠᠷ ᠲᠠᠮᠵᠢᠨ ᠤᠯᠠᠮ ᠴᠢᠨᠠᠷᠵᠢᠨ ᠲᠡᠭᠦᠯᠳᠡᠷᠵᠢᠭᠡᠳ ᠦᠨᠡᠨᠬᠦ | ᠰᠤᠶᠤᠯ ᠵᠢᠭᠤᠯᠴᠢᠯᠠᠯ ᠠᠭᠤᠰᠤᠯᠴᠠᠭᠰᠠᠨ ᠦᠨᠳᠦᠰᠦᠳᠡᠨ ᠤ ᠰᠤᠶᠤᠯ ᠤᠷᠠᠯᠢᠭ ᠤᠨ ᠰᠤᠳᠤᠨ ᠪᠥᠳᠦᠭᠡᠯ ᠪᠤᠯᠵᠤ᠂ ︽ | ᠮᠤᠩᠭᠤᠯ ᠮᠤᠷᠢᠨ ᠤ ᠵᠤᠷᠢᠭ ᠰᠠᠨᠠᠭ᠎ᠠ︾ ᠶᠢ ᠨᠡᠩ ᠠᠮᠢᠳᠤᠯᠢᠭ ᠢᠶᠠᠷ ᠨᠡᠶᠢᠳᠡ ᠦᠵᠡᠭᠴᠢᠳ ᠤᠨ ᠡᠮᠦᠨ᠎ᠡ | ᠲᠡᠪᠰᠢᠭᠦᠯᠦᠭᠰᠡᠨ ᠪᠠᠶᠢᠨ᠎ᠠ᠃ ᠡᠨᠡ ᠲᠤᠬᠠᠢ ᠲᠤᠰ ᠵᠥᠴᠦᠭᠡ ᠶᠢᠨ ᠶᠡᠷᠦᠩᠬᠡᠢ ᠤᠳᠤᠷᠢᠳᠤᠭᠠᠴᠢ ᠨᠢᠩ ᠼᠠᠢ᠄ ︽ᠨᠡᠩ | ᠤᠯᠠᠨ ᠬᠦᠮᠦᠨ ᠲᠤᠰ ᠵᠥᠴᠦᠭᠡ ᠪᠠᠷ ᠲᠠᠮᠵᠢᠨ ᠬᠦᠮᠦᠨ ᠤ ᠰᠡᠳᠭᠢᠯ ᠢ ᠬᠥᠪᠴᠢᠯᠡᠮᠡ ︿ᠮᠤᠩᠭᠤᠯ ᠮᠤᠷᠢᠨ ᠤ ᠵᠤᠷᠢᠭ | ᠰᠠᠨᠠᠭ᠎ᠠ﹀ ᠶᠢᠨ ᠬᠦᠷᠳᠡᠭᠡᠮᠵᠢ ᠤᠯᠵᠤ᠂ ᠲᠠᠯ᠎ᠠ ᠨᠤᠳᠤᠭ ᠤᠨ ᠰᠤᠶᠤᠯ ᠤᠨ ᠠᠭᠤᠤ ᠪᠠᠭᠳᠠᠭᠠᠮᠵᠢ ᠪᠤᠯᠤᠨ ᠷᠢᠳᠢ | ᠰᠢᠳᠢ ᠶᠢ ᠤᠶᠢᠯᠠᠭᠠᠬᠤ ᠪᠤᠯᠤᠨ᠎ᠠ ᠭᠡᠳᠡᠭ ᠲᠤ ᠪᠢ ᠵᠢᠭᠠᠬᠠᠨ ᠴᠤ ᠡᠷᠡᠭᠡᠯᠵᠡᠬᠦ ᠦᠭᠡᠢ ᠪᠠᠶᠢᠨ᠎ᠠ︾ ᠭᠡᠵᠦ ᠰᠡᠳᠭᠢᠯ | ᠲᠤᠭᠳᠤᠯᠤᠨ ᠶᠠᠷᠢᠭᠰᠠᠨ ᠪᠠᠶᠢᠳᠠᠭ᠃ | ︽ᠲᠤᠮᠤ ᠬᠡᠯᠪᠡᠷᠢ ᠶᠢᠨ ᠪᠤᠳᠠᠳᠤ ᠦᠵᠡᠭᠳᠡᠯᠳᠦ ᠵᠥᠴᠦᠭᠡ ᠪᠤᠯᠤᠭᠰᠠᠨ ᠤ ᠬᠤᠪᠢ ᠳᠤ ︿ᠮᠤᠩᠭᠤᠯ ᠮᠤᠷᠢ﹀ | ᠨᠢ ᠤᠷᠤᠨ ᠨᠤᠳᠤᠭ ᠪᠤᠯᠤᠨ ᠦᠨᠳᠦᠰᠦᠳᠡᠨ ᠤ ᠤᠨᠴᠠᠯᠢᠭᠳᠤ ᠰᠤᠶᠤᠯ ᠤᠨ ᠡᠬᠢ ᠪᠠᠶᠠᠯᠢᠭ ᠢ ᠭᠦᠨ ᠠᠭᠤᠳᠠᠯᠵᠤ | ᠪᠥᠷᠢᠨ ᠠᠰᠢᠭᠯᠠᠵᠤ᠂ ᠬᠦᠮᠦᠨ ᠬᠢᠭᠡᠳ ᠮᠤᠷᠢ ᠬᠠᠮᠳᠤ ᠲᠤᠭᠯᠠᠯᠳᠠ ᠶᠢᠨ ᠲᠠᠪᠴᠠᠩ ᠳᠤ ᠢᠯᠡᠷᠡᠬᠦ ᠪᠠᠷ ᠲᠠᠮᠵᠢᠭᠤᠯᠤᠨ | ᠤᠮᠤᠭ ᠲᠡᠭᠦᠯᠳᠡᠷ ᠤᠷᠠᠨ ᠵᠢᠪᠬᠤᠭ᠎ᠠ ᠲᠠᠢ ᠮᠤᠷᠢᠨ ᠮᠡᠷᠭᠡᠵᠢᠯ ᠪᠤᠯᠤᠨ ᠲᠠᠭᠤᠯᠠᠯᠳᠤ ᠪᠥᠵᠢᠭ ᠤᠨ ᠤᠷᠠᠯᠢᠭ ᠢ | ᠠᠭᠤᠰᠤᠯᠴᠠᠭᠤᠯᠤᠨ᠂ ᠮᠤᠷᠢᠳᠠᠨ ᠦᠨᠳᠦᠰᠦᠳᠡᠨ ᠤ ᠰᠤᠶᠤᠯ ᠤᠨ ᠢᠳᠡᠭᠡᠯ ᠢ ᠲᠡᠯᠭᠡᠨ ᠬᠠᠷᠠᠭᠤᠯᠵᠤ ᠴᠢᠳᠠᠭᠰᠠᠨ | ᠪᠠᠶᠢᠨ᠎ᠠ︾ ᠭᠡᠵᠦ ᠥᠪᠦᠷ ᠮᠤᠩᠭᠤᠯ ᠤᠨ ᠶᠡᠭᠡ ᠰᠤᠷᠭᠠᠭᠤᠯᠢ ᠶᠢᠨ ᠤᠷᠠᠯᠢᠭ ᠤᠨ ᠲᠡᠭᠡᠳᠦ ᠰᠤᠷᠭᠠᠭᠤᠯᠢ ᠶᠢᠨ | ᠫᠷᠤᠹᠧᠰᠰᠤᠷ ᠯᠢ ᠱᠦ ᠷᠦᠩ ᠦᠵᠡᠭᠰᠡᠨ ᠪᠠᠶᠢᠪᠠ᠃ ︽ᠮᠤᠩᠭᠤᠯ ᠮᠤᠷᠢ︾ ᠶᠠᠭ ᠡᠶᠢᠨᠬᠦ ᠲᠤᠮᠳᠠᠳᠤ ᠶᠢᠨ | ᠦᠨᠳᠦᠰᠦᠳᠡᠨ ᠤ ᠰᠤᠶᠤᠯ ᠤᠨ ᠥᠪ ᠲᠤᠮᠳᠠ ᠥᠪᠡᠷᠮᠢᠴᠡ ᠤᠨᠴᠠᠯᠢᠭ ᠢᠶᠠᠷ ᠢᠶᠠᠨ ᠭᠢᠯᠠᠰᠤᠨ ᠲᠠᠶᠠᠩ ᠲᠡᠯᠡᠬᠡᠢ ᠶᠢᠨ | ᠦᠢ ᠲᠥᠮᠡᠨ ᠦᠵᠡᠭᠴᠢ ᠶᠢ ᠲᠠᠳᠠᠨ ᠮᠠᠨ ᠤ ᠠᠶᠢᠮᠠᠭ ᠤᠨ ᠵᠢᠭᠤᠯᠴᠢᠯᠠᠯ ᠤᠨ ᠦᠢᠯᠡᠰ ᠤᠨ ᠲᠠᠳᠠᠬᠤ ᠬᠦᠴᠦᠨ | ᠪᠤᠯᠵᠤ ᠪᠠᠶᠢᠨ᠎ᠠ᠃ ᠪᠥᠷᠢᠨ ᠪᠤᠰᠤ ᠪᠥᠷᠢᠳᠭᠡᠯ ᠢ ᠦᠨᠳᠦᠰᠦᠯᠡᠪᠡᠯ᠂ ᠲᠤᠰ ᠵᠥᠴᠦᠭᠡ ᠨᠢ ᠵᠢᠯ ᠤᠨ ᠵᠢᠯ ᠳᠤ 85 | ᠲᠠᠯᠠᠪᠠᠢ ᠲᠤᠭᠯᠠᠭᠳᠠᠨ᠂ ᠰᠤᠶᠤᠯ ᠵᠢᠭᠤᠯᠴᠢᠯᠠᠯ ᠳᠤ ᠦᠵᠡᠭᠦᠯᠦᠭᠰᠡᠨ ᠠᠵᠤ ᠠᠬᠤᠢ ᠶᠢᠨ ᠨᠡᠮᠡᠷᠢ ᠬᠠᠨᠳᠢᠪ ᠨᠢ | ᠵᠢᠯ ᠤᠨ 400 ᠠᠴᠠ 500 ᠲᠦᠮᠡᠨ ᠲᠥᠭᠦᠷᠢᠭ ᠬᠦᠷᠬᠦ ᠪᠤᠯᠤᠭᠠᠳ ᠰᠢᠯᠢ ᠶᠢᠨ ᠭᠤᠤᠯ ᠤᠨ ᠲᠠᠯ᠎ᠠ ᠨᠤᠲᠤᠭ ᠤᠨ | ᠰᠤᠶᠤᠯ ᠤᠨ ᠷᠢᠳᠢ ᠰᠢᠳᠢ ᠶᠢ ᠠᠯᠳᠠᠨ ᠲᠡᠯᠡᠬᠡᠢ ᠳᠤ ᠲᠠᠨᠢᠭᠤᠯᠬᠤ ᠰᠤᠶᠤᠯ ᠵᠢᠭᠤᠯᠴᠢᠯᠠᠯ ᠤᠨ ᠨᠡᠷᠡᠳᠦ ᠲᠡᠮᠳᠡᠭ ᠤᠨ | ᠦᠢᠯᠡᠳᠦᠯ ᠢᠶᠠᠨ ᠪᠥᠷᠢᠨ ᠪᠠᠳᠠᠷᠠᠭᠤᠯᠤᠭᠰᠠᠭᠠᠷ ᠪᠠᠶᠢᠭ᠎ᠠ ᠠᠵᠢ᠃ | ᠵᠭᠤᠨ ᠲᠥᠮᠡᠨ ᠬᠦᠮᠦᠨ ᠠᠷᠠᠳ ᠲᠠᠢ᠂ ᠬᠤᠷᠢᠨ ᠲᠥᠮᠡᠨ ᠬᠠᠪᠳᠠᠭᠠᠢ ᠲᠦᠷᠪᠡᠯᠵᠢᠨ ᠵᠠᠶᠢᠴᠠ ᠲᠠᠢ ᠬᠠᠨᠠᠭᠠᠷ | ᠠᠭᠤᠳᠠᠮ ᠰᠢᠯᠢ ᠶᠢᠨ ᠭᠤᠤᠯ ᠤᠨ ᠲᠠᠯ᠎ᠠ ᠨᠤᠳᠤᠭ ᠲᠤ ᠮᠠᠨᠢ 25 ᠲᠦᠮᠡᠨ ᠮᠤᠩᠭᠤᠯ ᠮᠤᠷᠢ ᠲᠡᠯ ᠬᠤᠷᠠᠯᠵᠠᠭᠤᠯᠤᠨ | ᠲᠠᠪᠬᠢᠯᠳᠤᠵᠤ ᠪᠠᠶᠢᠨ᠎ᠠ᠂ ᠵᠠᠭᠤᠨ ᠲᠦᠮᠡᠨ ᠬᠦᠮᠦᠨ ᠤ ᠬᠡᠶᠢᠮᠤᠷᠢ ᠶᠢ ᠪᠤᠰᠬᠠᠨ ᠲᠠᠪᠬᠢᠯᠳᠤᠵᠤ ᠪᠠᠶᠢᠨ᠎ᠠ᠃ ᠡᠨᠡ ᠪᠤᠯ | ᠮᠤᠷᠢᠳ ᠤᠨ ᠲᠡᠪᠬᠢᠯᠳᠤᠭᠠᠨ ᠲᠡᠳᠦᠢ ᠯᠡ ᠪᠢᠰᠢ᠂ ᠬᠠᠷᠢᠨ ︽ᠮᠤᠩᠭᠤᠯ ᠮᠤᠷᠢᠨ ᠤ ᠵᠤᠷᠢᠭ ᠰᠠᠨᠠᠭ᠎ᠠ︾ ᠭᠡᠬᠦ ᠤᠶᠤᠨ | ᠰᠠᠨᠠᠭᠠᠨ ᠤ ᠲᠡᠭᠦᠯᠢᠯᠳᠡ ᠶᠤᠮ᠃ | |