— ᠰᠢᠯᠢ ᠶᠢᠨ ᠬᠤᠳᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ | ᠳ᠋ᠢᠩ ᠮᠧᠶ ᠯᠢᠩ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠶᠢᠨ | ᠲᠥᠯᠥᠭᠡ᠂ ︽ᠪᠢ ᠲᠠᠨ ᠢ ᠬᠠᠪᠰᠤᠷᠤᠶ᠎ᠠ᠂ ᠪᠣᠯᠪᠠᠰᠤᠨ ᠰᠢᠯᠢ ᠶᠢᠨ ᠭᠤᠣᠯ︾ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠨᠡᠷᠡᠲᠦ ᠲᠡᠮᠳᠡᠭ ᠢ ᠤᠬᠠᠭᠤᠯᠬᠤ ᠠᠵᠢᠯ ᠢ ᠦᠷᠭᠦᠯᠵᠢᠯᠡᠨ ᠬᠦᠨᠵᠡᠭᠡᠶᠢᠷᠡᠬᠦᠯᠪᠡ᠃ ᠰᠠᠶᠢᠨ | ᠳᠤᠷ᠎ᠠ ᠶᠢᠨ ᠦᠢᠯᠡᠴᠢᠯᠡᠭᠡ ᠶᠢ ᠭᠦᠨᠵᠡᠭᠡᠶᠢᠷᠡᠭᠦᠯᠬᠦ᠂ ᠪᠣᠳᠠᠲᠠᠶᠢᠵᠢᠭᠤᠯᠬᠤ᠂ ᠨᠠᠷᠢᠯᠢᠭᠵᠢᠭᠤᠯᠬᠤ ᠶᠢ ᠠᠬᠢᠭᠤᠯᠤᠨ᠂ | 2023 ᠣᠨ ᠤ 9 ᠰᠠᠷ᠎ᠠ ᠳᠤ᠂ ᠰᠢᠯᠢ ᠶᠢᠨ ᠬᠤᠳᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ | ᠲᠥᠯᠥᠪᠯᠡᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃ ᠠᠵᠢᠯᠯᠠᠭ᠎ᠠ ᠪᠠᠷ | ᠳᠠᠮᠵᠢᠨ ᠤᠯᠠᠨ ᠲᠦᠮᠡᠨ ᠤ ᠬᠦᠰᠡᠯ ᠡᠷᠡᠮᠡᠯᠵᠡᠯ ᠢ ᠤᠯᠠᠮ ᠰᠠᠶᠢᠨ ᠤᠶᠢᠯᠠᠭᠠᠵᠦ᠂ ᠰᠠᠶᠢᠨ ᠳᠤᠷ᠎ᠠ ᠶᠢᠨ | ᠦᠢᠯᠡᠴᠢᠯᠡᠭᠡᠨ ᠤ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠦᠨᠡᠨᠬᠦ ᠳᠡᠭᠡᠭᠰᠢᠯᠡᠭᠦᠯᠪᠡ᠃ | ᠰᠢᠯᠢ ᠶᠢᠨ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠰᠢᠰᠲ᠋ᠧᠮ ᠤᠨ ᠬᠢᠨ ᠰᠤᠮᠤ᠂ ᠵᠡᠭᠡᠯᠢ ᠭᠤᠳᠤᠮᠵᠢ | ᠪᠠ ᠭᠠᠴᠠᠭ᠎ᠠ᠂ ᠨᠡᠶᠢᠭᠡᠮ ᠲᠣᠭᠤᠷᠢᠭ᠂ ᠰᠤᠷᠭᠠᠭᠤᠯᠢ ᠵᠡᠷᠭᠡ ᠪᠠᠶᠢᠭᠤᠯᠭ᠎ᠠ ᠨᠢᠭᠡᠴᠢ ᠳᠤ ᠭᠦᠨᠵᠡᠭᠡᠶᠢᠷᠡᠬᠦ ᠶᠢᠨ ᠬᠠᠮᠲᠤ᠂ | ᠬᠦᠮᠦᠨ ᠠᠮᠠ ᠲᠥᠪᠯᠡᠷᠡᠭᠰᠡᠨ ᠥᠷᠯᠥᠭᠡ ᠶᠢᠨ ᠵᠠᠬ᠎ᠠ᠂ ᠠᠭᠤᠳᠠᠮ ᠲᠠᠯᠠᠪᠠᠶ᠂ ᠨᠠᠰᠤᠳᠠᠶᠢᠴᠦᠳ ᠤᠨ ᠠᠰᠠᠷᠠᠮᠵᠢ ᠶᠢᠨ | ᠬᠦᠷᠢᠶᠡᠯᠡᠩ ᠵᠡᠷᠭᠡ ᠭᠤᠣᠯᠳᠠᠯᠭ᠎ᠠ ᠲᠠᠢ ᠣᠷᠣᠨ ᠲᠤᠭᠤᠷᠢᠭ ᠲᠤ ᠭᠦᠨᠵᠡᠭᠡᠶᠢᠷᠡᠨ᠂ ︽ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠬᠤ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ᠂ ᠡᠮ ᠡᠮᠨᠡᠯᠭᠡ ᠶᠢᠨ ᠳᠠᠭᠠᠳᠬᠠᠯ ᠤᠨ | ᠭᠠᠷᠲᠠᠨ ᠭᠦᠢᠴᠡᠳᠭᠡᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠠᠭᠤᠯᠭ᠎ᠠ᠂ ᠡᠮ ᠡᠮᠨᠡᠯᠭᠡ ᠶᠢᠨ ᠳᠠᠭᠠᠳᠬᠠᠯ ᠤᠨ | ᠠᠵᠢᠯ ᠤᠨ ᠠᠷᠠᠳ ᠲᠤ ᠠᠰᠢᠭ ᠬᠦᠷᠲᠡᠭᠡᠬᠦ ᠴᠢᠬᠤᠯᠠ ᠠᠷᠭ᠎ᠠ ᠬᠡᠮᠵᠢᠶ᠎ᠡ᠂ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠨ ᠨᠡᠶᠢᠲᠡᠯᠢᠭ ᠵᠢᠱᠢᠶ᠎ᠡ︾ ᠶᠢᠨ ᠲᠣᠭᠤᠷᠢᠨ ᠳᠤ ︽ᠡᠮ ᠡᠮᠨᠡᠯᠭᠡ ᠶᠢᠨ ᠳᠠᠭᠠᠳᠬᠠᠯ ᠤᠨ ᠰᠠᠶᠢᠨ | ᠲᠥᠷᠥ ᠶᠢᠨ ᠪᠣᠳᠣᠯᠭ᠎ᠠ︾ ᠶᠢ ᠦᠷᠭᠦᠯᠵᠢᠯᠡᠨ ᠤᠬᠠᠭᠤᠯᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ | ᠪᠠᠶᠢᠭᠠᠳ ᠡᠮ ᠡᠮᠨᠡᠯᠭᠡ ᠶᠢᠨ ᠳᠠᠭᠠᠳᠬᠠᠯ ᠳᠤ ᠢᠳᠡᠪᠬᠢᠲᠡᠢ ᠣᠷᠣᠯᠴᠠᠭᠤᠯᠤᠨ᠂ ᠰᠢᠯᠢ ᠶᠢᠨ ᠬᠤᠲᠠ ᠶᠢᠨ ᠡᠮ | ᠡᠮᠨᠡᠯᠭᠡ ᠶᠢᠨ ᠳᠠᠭᠠᠳᠬᠠᠯ ᠤᠨ ︽ᠪᠦᠬᠦᠨ ᠢ ᠪᠦᠷᠬᠦᠭᠦᠯᠬᠦ︾ ᠶᠢ ᠠᠬᠢᠭᠤᠯᠵᠠᠢ᠃ ᠣᠲᠣᠬᠠᠨ ᠪᠣᠯᠲᠠᠯ᠎ᠠ᠂ ᠨᠡᠶᠢᠲᠡ | 14 ᠲᠠᠯᠠᠪᠤᠷ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ︽ᠰᠢᠯᠢ ᠶᠢᠨ ᠭᠤᠣᠯ | ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠪᠥᠬᠦ ᠠᠶᠢᠮᠠᠭ ᠤᠨ ᠥᠷᠭᠡᠨ ᠣᠯᠠᠨ ᠬᠤᠲᠠ | ᠬᠥᠳᠡᠭᠡ ᠶᠢᠨ ᠰᠠᠭᠤᠭᠠᠯᠢ ᠠᠷᠠᠳ ᠲᠤ ᠢᠯᠡᠭᠡᠭᠰᠡᠨ ᠵᠠᠬᠢᠳᠠᠯ︾᠂ ︽ᠰᠢᠯᠢ ᠶᠢᠨ ᠭᠤᠣᠯ ᠠᠶᠢᠮᠠᠭ ᠤᠨ ᠡᠮ | ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ︾ ᠵᠡᠷᠭᠡ ᠡᠯ᠎ᠡ ᠲᠥᠷᠥᠯ ᠤᠨ | ᠤᠬᠠᠭᠤᠯᠭ᠎ᠠ ᠶᠢᠨ ᠮᠠᠲ᠋ᠧᠷᠢᠶᠠᠯ ᠢ 6780 ᠭᠠᠷᠤᠢ ᠬᠤᠪᠢ ᠲᠠᠷᠬᠠᠭᠠᠵᠤ᠂ 997 ᠡᠮ ᠡᠮᠨᠡᠯᠭᠡ ᠶᠢᠨ ᠳᠠᠭᠠᠳᠬᠠᠯ ᠤᠨ | ᠡᠯᠧᠺᠲᠷᠤᠨ ᠭᠡᠷᠡᠴᠢ ᠪᠠᠷᠢᠮᠲᠠ ᠶᠢ ᠪᠦᠷᠢᠳᠭᠡᠨ ᠳᠠᠩᠰᠠᠯᠠᠵᠦ᠂ ᠲᠤᠬᠠᠢ ᠶᠢᠨ ᠲᠠᠯᠠᠪᠤᠷ ᠲᠤ 236 ᠬᠥᠮᠥᠨ | ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠨ᠂ 630 ᠭᠠᠷᠤᠢ ᠲᠥᠷᠥ ᠶᠢᠨ ᠪᠣᠳᠣᠯᠭ᠎ᠠ ᠳᠤ ᠬᠠᠷᠢᠭᠤᠯᠲᠠ | ᠥᠭᠴᠡᠢ᠃ | ᠰᠦᠯᠵᠢᠶᠡᠨ ᠳᠡᠭᠡᠷ᠎ᠡ ᠰᠦᠢᠳᠭᠡᠯ ᠲᠤᠰᠢᠶᠠᠵᠤ ᠳᠠᠭᠠᠳᠬᠠᠯ ᠳᠤ ᠤᠷᠤᠯᠴᠠᠬᠤ ᠶᠢ ᠶᠡᠬᠡᠪᠡᠷ ᠠᠬᠢᠭᠤᠯᠬᠤ ᠶᠢᠨ | ᠬᠠᠮᠲᠤ᠂ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ ᠳᠤ | ᠲᠦᠰᠢᠭᠯᠡᠨ᠂ ᠰᠦᠯᠵᠢᠶᠡᠨ ᠤ ᠭᠠᠳᠠᠨ᠎ᠠ ︽ᠲᠠᠪᠤ ᠶᠢ ᠭᠦᠢᠴᠡᠳᠭᠡᠬᠦ︾ ᠵᠠᠭᠪᠤᠷ ᠢ ᠰᠢᠨ᠎ᠡ ᠪᠠᠷ ᠡᠬᠦᠳᠪᠡ᠃ ︽ | ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠶᠢ ᠨᠢᠭᠡ ᠶᠢ ᠴᠦ ᠣᠷᠬᠢᠭᠳᠠᠭᠤᠯᠬᠤ ᠦᠭᠡᠢ︾ ᠶᠢ ᠪᠠᠲᠤᠯᠠᠨ᠂ | ᠲᠤᠰᠢᠶᠠᠬᠤ ᠶᠣᠰᠣᠲᠠᠢ ᠶᠢ ᠨᠢ ᠪᠦᠬᠦᠨ ᠢ ᠳᠤᠰᠢᠶᠠᠵᠦ᠂ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠶᠢᠨ | ᠬᠠᠮᠲᠤ ᠡᠮᠴᠢᠯᠡᠭᠡᠨ ᠤ ᠳᠠᠭᠠᠳᠬᠠᠯ ᠤᠨ ᠡᠯᠧᠺᠲᠷᠤᠨ ᠭᠡᠷᠡᠴᠢ ᠪᠠᠷᠢᠮᠲᠠ ︵ᠡᠮᠴᠢᠯᠡᠭᠡᠨ ᠤ ᠳᠠᠭᠠᠳᠬᠠᠯ ᠤᠨ ᠺᠣᠳ᠋︶ | ᠶᠢ ᠳᠠᠩᠰᠠᠯᠠᠨ ᠪᠦᠷᠢᠳᠭᠡᠵᠦ ᠠᠰᠢᠭᠯᠠᠭᠤᠯᠬᠤ ᠪᠤᠯᠭᠠᠪᠠ᠃ ᠭᠠᠴᠠᠭ᠎ᠠ᠂ ᠨᠡᠶᠢᠭᠡᠮ ᠲᠣᠭᠤᠷᠢᠭ ᠲᠤ ᠡᠮ ᠡᠮᠨᠡᠯᠭᠡ ᠶᠢᠨ | ᠳᠠᠭᠠᠳᠬᠠᠯ ᠤᠨ ᠦᠢᠯᠡᠴᠢᠯᠡᠭᠡᠨ ᠤ ᠴᠡᠭ ᠤᠨ ᠨᠢᠭᠡᠳᠦᠭᠡᠷ ᠹᠷᠣᠨᠲ ᠤᠨ ᠠᠵᠢᠯ ᠢ ᠳᠠᠭᠠᠭᠠᠨ ᠬᠢᠵᠦ᠂ ᠣᠯᠠᠨ | ᠲᠦᠮᠡᠨ ᠤ ᠬᠦᠴᠢᠷᠳᠡᠯ ᠢ ᠣᠶᠢᠯᠠᠭᠠᠵᠤ᠂ ᠡᠮ ᠡᠮᠨᠡᠯᠭᠡ ᠶᠢᠨ ᠳᠠᠭᠠᠳᠬᠠᠯ ᠤᠨ ᠣᠷᠣᠯᠠᠨ ᠭᠦᠢᠴᠡᠳᠭᠡᠭᠴᠢ ᠬᠥᠲᠥᠯᠥᠨ | ᠳᠠᠭᠠᠭᠤᠯᠪᠠ᠃ ᠰᠢᠯᠢ ᠶᠢᠨ ᠬᠤᠳᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠳᠤᠪᠴᠢᠶᠠᠨ ᠤ ᠨᠡᠭᠦᠳᠡᠯ | ᠤᠬᠠᠭᠤᠯᠭ᠎ᠠ ᠶᠢᠨ ᠨᠠᠮ ᠤᠨ ᠭᠡᠰᠢᠭᠦᠨ ᠤ ᠬᠤᠰᠢᠭᠤᠴᠢ ᠠᠩᠭᠢ᠂ ᠰᠢᠨ᠎ᠡ ᠴᠠᠭ ᠦᠶ᠎ᠡ ᠶᠢᠨ ᠪᠣᠯᠪᠠᠰᠤᠨ | ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ ᠡᠮ ᠡᠮᠨᠡᠯᠭᠡ ᠶᠢᠨ ᠳᠠᠭᠠᠳᠬᠠᠯ ᠤᠨ | ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠮᠠᠰᠢᠨ ᠢᠶᠠᠨ ᠠᠪᠴᠤ᠂ ᠣᠯᠠᠨ ᠲᠦᠮᠡᠨ ᠴᠤᠭᠯᠠᠷᠠᠭᠰᠠᠨ | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠪᠤᠶᠤ ᠭᠠᠴᠠᠭ᠎ᠠ᠂ ᠨᠡᠶᠢᠭᠡᠮ ᠲᠣᠭᠤᠷᠢᠭ ᠤᠨ ᠰᠣᠶᠣᠯ ᠤᠨ ᠠᠵᠢᠯᠯᠠᠭ᠎ᠠ ᠶᠢᠨ | ᠥᠷᠲᠡᠭᠡ᠂ ᠬᠡᠲᠦ ᠳᠡᠯᠭᠡᠭᠦᠷ᠂ ᠬᠤᠭᠤᠯᠠᠨ ᠭᠡᠷ᠂ ᠰᠢᠤᠳᠠᠨ ᠤ ᠦᠢᠯᠡᠴᠢᠯᠡᠭᠡᠨ ᠤ ᠴᠡᠭ᠂ ᠪᠠᠶᠢᠭᠤᠯᠭ᠎ᠠ ᠶᠢᠨ ᠠᠯᠪᠠᠨ | ᠠᠰᠠᠷ᠂ ᠮᠠᠯᠴᠢᠨ ᠤ ᠭᠡᠷ ᠲᠤ ᠬᠦᠷᠴᠦ᠂ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠪᠠ ᠡᠮᠴᠢᠯᠡᠭᠡᠨ ᠤ | ᠳᠠᠭᠠᠳᠬᠠᠯ ᠤᠨ ᠡᠯᠧᠺᠲᠷᠤᠨ ᠭᠡᠷᠡᠴᠢ ᠪᠠᠷᠢᠮᠲᠠ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠶᠢ ᠪᠦᠷᠢᠳᠭᠡᠨ | ᠳᠠᠩᠰᠠᠯᠠᠵᠦ ᠠᠰᠢᠭᠯᠠᠭᠤᠯᠬᠤ ᠠᠵᠢᠯ ᠢ ᠭᠦᠢᠴᠡᠳᠭᠡᠵᠦ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ | ᠪᠤᠯᠤᠨ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠪᠠ᠃ | ᠡᠮ ᠡᠮᠨᠡᠯᠭᠡ ᠶᠢᠨ ᠳᠠᠭᠠᠳᠬᠠᠯ ᠤᠨ ᠣᠷᠣᠯᠠᠨ ᠭᠦᠢᠴᠡᠳᠭᠡᠭᠴᠢ ᠶᠢᠨ ᠡᠮ ᠡᠮᠨᠡᠯᠭᠡ ᠶᠢᠨ ᠳᠠᠭᠠᠳᠬᠠᠯ ᠤᠨ | ᠭᠠᠷᠲᠠᠨ ᠭᠦᠢᠴᠡᠳᠭᠡᠬᠦ ᠪᠠᠶᠢᠭᠤᠯᠤᠮᠵᠢ᠂ ᠨᠡᠶᠢᠭᠡᠮ ᠲᠤᠭᠤᠷᠢᠭ ᠤᠨ ᠠᠵᠢᠯᠳᠠᠨ ᠲᠠᠢ ᠬᠠᠷᠢᠯᠴᠠᠬᠤ ᠬᠥᠭᠦᠷᠭᠡ | ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠪᠠ᠃ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ᠂ | ᠪᠠᠶᠢᠭᠤᠯᠭ᠎ᠠ ᠨᠢᠭᠡᠴᠢ ᠶᠢᠨ ᠠᠵᠢᠯ ᠤᠨ ᠸᠢᠴᠠᠲ ᠬᠤᠯᠪᠤᠭ᠎ᠠ᠂ ᠰᠠᠭᠤᠭᠠᠯᠢ ᠠᠷᠠᠳ ᠤᠨ ᠲᠣᠭᠤᠷᠢᠭ ᠤᠨ ᠸᠢᠴᠠᠲ | ᠬᠤᠯᠪᠤᠭ᠎ᠠ ᠵᠡᠷᠭᠡ ᠸᠢᠴᠠᠲ ᠤᠨ ᠬᠤᠯᠪᠤᠭ᠎ᠠ ᠪᠠᠷ ᠳᠠᠮᠵᠢᠭᠤᠯᠤᠨ ᠤᠷᠢᠳ ᠬᠤᠵᠢᠳ ᠰᠠᠭᠤᠭᠠᠯᠢ ᠠᠷᠠᠳ ᠤᠨ ᠸᠢᠴᠠᠲ | ᠬᠤᠯᠪᠤᠭ᠎ᠠ ᠳᠤ ︽ᠴᠢᠬᠤᠯᠠ ᠮᠡᠳᠡᠭᠳᠡᠯ︕ 9 ᠰᠠᠷ᠎ᠠ ᠶᠢᠨ 1 ᠤ ᠡᠳᠦᠷ ᠠᠴᠠ ᠡᠬᠢᠯᠡᠨ᠂ ᠰᠢᠯᠢ ᠶᠢᠨ ᠬᠤᠳᠠ ᠶᠢᠨ | 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠰᠦᠢᠳᠭᠡᠯ ᠲᠤᠰᠢᠶᠠᠵᠤ ᠡᠬᠢᠯᠡᠪᠡ︾᠂ ︽ᠰᠢᠯᠢ ᠶᠢᠨ ᠬᠤᠳᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ | ᠲᠣᠪᠴᠢᠶ᠎ᠠ ᠠᠴᠠ ᠪᠥᠬᠦ ᠬᠤᠲᠠ ᠶᠢᠨ ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠢᠯᠡᠭᠡᠭᠰᠡᠨ | ᠵᠠᠬᠢᠳᠠᠯ︾ ᠵᠡᠷᠭᠡ ᠰᠦᠯᠵᠢᠶᠡᠨ ᠳᠡᠭᠡᠷᠡᠬᠢ ᠰᠦᠢᠳᠭᠡᠯ ᠲᠤᠰᠢᠶᠠᠬᠤ ᠮᠡᠳᠡᠭᠳᠡᠯ᠂ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠵᠡᠷᠭᠡ ᠶᠢ ᠳᠠᠮᠵᠢᠭᠤᠯᠵᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠶᠢ | ᠤᠷᠢᠶᠠᠯᠠᠨ᠂ ᠬᠥᠮᠥᠨ ᠪᠣᠯᠭᠠᠨ ᠡᠮ ᠡᠮᠨᠡᠯᠭᠡ ᠶᠢᠨ ᠳᠠᠭᠠᠳᠬᠠᠯ ᠢ ᠣᠶᠢᠯᠠᠭᠠᠵᠤ ᠮᠡᠳᠡᠬᠦ᠂ ᠬᠥᠮᠥᠨ ᠪᠣᠯᠭᠠᠨ ᠡᠮ | ᠡᠮᠨᠡᠯᠭᠡ ᠶᠢᠨ ᠳᠠᠭᠠᠳᠬᠠᠯ ᠢ ᠰᠠᠶᠢᠳᠤᠷ ᠠᠰᠢᠭᠯᠠᠬᠤ ᠶᠢ ᠤᠬᠠᠭᠤᠯᠪᠠ᠃ ᠡᠨᠡ ᠵᠢᠯ ᠤᠨ 9 ᠰᠠᠷ᠎ᠠ ᠶᠢᠨ ᠰᠡᠭᠦᠯᠴᠢ | ᠪᠣᠯᠲᠠᠯ᠎ᠠ᠂ ᠤᠷᠢᠳ ᠬᠤᠵᠢᠳ ᠰᠠᠭᠤᠭᠠᠯᠢ ᠠᠷᠠᠳ ᠤᠨ ᠲᠤᠭᠤᠷᠢᠭ ᠤᠨ ᠸᠢᠴᠠᠲ ᠬᠤᠯᠪᠤᠭᠠᠨ ᠳᠤ ᠰᠦᠯᠵᠢᠶᠡᠨ | ᠳᠡᠭᠡᠷ᠎ᠡ ᠰᠦᠢᠳᠭᠡᠯ ᠲᠤᠰᠢᠶᠠᠬᠤ ᠮᠡᠳᠡᠭᠳᠡᠯ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ 12 ᠤᠳᠠᠭ᠎ᠠ | ᠳᠠᠮᠵᠢᠭᠤᠯᠵᠠᠢ᠃ | ᠡᠨᠡ ᠵᠢᠯ ᠤᠨ 10 ᠰᠠᠷ᠎ᠠ ᠶᠢᠨ 8 ᠤ ᠡᠳᠦᠷ ᠪᠣᠯᠲᠠᠯ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠠᠵᠢᠯ ᠢ ᠵᠥᠪᠬᠡᠨ 22 ᠠᠵᠢᠯᠯᠠᠬᠤ ᠡᠳᠦᠷ ᠲᠤ | ᠭᠦᠢᠴᠡᠳᠭᠡᠵᠦ᠂ 45489 ᠬᠦᠮᠦᠨ ᠳᠠᠭᠠᠳᠬᠠᠯ ᠳᠤ ᠤᠷᠤᠯᠴᠠᠨ᠂ 2023 ᠣᠨ ᠤ ᠪᠥᠬᠦ ᠵᠢᠯ ᠤᠨ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠪᠥᠬᠦ ᠲᠣᠭᠠᠨ ᠤ 51% ᠶᠢ ᠡᠵᠡᠯᠡᠵᠦ᠂ | ᠡᠮ ᠡᠮᠨᠡᠯᠭᠡ ᠶᠢᠨ ᠳᠠᠭᠠᠳᠬᠠᠯ ᠤᠨ ᠺᠤᠳ᠋ ᠢ ᠪᠦᠷᠢᠳᠭᠡᠵᠦ ᠳᠠᠩᠰᠠᠯᠠᠭᠤᠯᠤᠨ ᠠᠰᠢᠭᠯᠠᠭᠰᠠᠨ ᠬᠥᠮᠥᠨ 15825 | ᠨᠡᠮᠡᠭᠳᠡᠵᠡᠢ᠃ | ᠳᠠᠷᠠᠭᠠᠴᠢ ᠶᠢᠨ ᠠᠯᠬᠤᠮ ᠳᠤ᠂ ᠰᠢᠯᠢ ᠶᠢᠨ ᠬᠤᠳᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ | ᠦᠷᠭᠦᠯᠵᠢᠯᠡᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠶᠢ ᠪᠦᠬᠦ ᠠᠷᠠᠳ ᠤᠨ ᠡᠮ | ᠡᠮᠨᠡᠯᠭᠡ ᠶᠢᠨ ᠳᠠᠭᠠᠳᠬᠠᠯ ᠤᠨ ᠰᠢᠰᠲ᠋ᠧᠮ ᠤᠨ ᠪᠠᠶᠢᠭᠤᠯᠤᠯᠲᠠ ᠳᠤ ᠠᠭᠤᠰᠤᠯᠴᠠᠭᠤᠯᠵᠤ᠂ ᠡᠮ ᠡᠮᠨᠡᠯᠭᠡ ᠶᠢᠨ | ᠳᠠᠭᠠᠳᠬᠠᠯ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠭᠡᠬᠦ᠂ ᠤᠯᠠᠨ ᠲᠦᠮᠡᠨ ᠤ | ᠳᠤᠮᠳᠠ ᠬᠦᠷᠭᠡᠬᠦ ᠶᠢ ᠠᠬᠢᠭᠤᠯᠬᠤ ᠪᠠᠷ ᠴᠢᠷᠮᠠᠶᠢᠨ᠎ᠠ᠃ |