ᠭᠦᠮᠦᠡ ᠠᠷᠠᠤᠠ ᠢᠶᠠᠨ ᠪᠠᠶᠠᠰᠬᠠᠭᠰᠠᠠ ᠭᠦᠭᠵᠢᠯᠳᠤ ᠨᠤᠳᠤᠭ ᠤᠨ ᠪᠠᠶᠠᠰᠬᠤᠯᠠᠩ ᠭᠦᠯᠦᠭ ᠮᠤᠷᠢᠤᠠ ᠢᠶᠠᠨ ᠬᠤᠷᠳᠤᠯᠠᠭᠤᠯᠤᠭᠰᠠᠠ ᠭᠦᠳᠡᠭᠡ ᠲᠠᠯ᠎ᠠ ᠶᠢᠨ ᠦᠵᠡᠰᠭᠦᠯᠡᠩ
ᠨᠡᠶᠢᠲᠡᠯᠡᠭᠰᠡᠨ ᠴᠠᠭ᠄
2024/3/27
ᠭᠦᠮᠦᠡ ᠠᠷᠠᠤᠠ ᠢᠶᠠᠨ ᠪᠠᠶᠠᠰᠬᠠᠭᠰᠠᠠ ᠭᠦᠭᠵᠢᠯᠳᠤ ᠨᠤᠳᠤᠭ ᠤᠨ ᠪᠠᠶᠠᠰᠬᠤᠯᠠᠩ ᠭᠦᠯᠦᠭ ᠮᠤᠷᠢᠤᠠ ᠢᠶᠠᠨ ᠬᠤᠷᠳᠤᠯᠠᠭᠤᠯᠤᠭᠰᠠᠠ ᠭᠦᠳᠡᠭᠡ ᠲᠠᠯ᠎ᠠ ᠶᠢᠨ ᠦᠵᠡᠰᠭᠦᠯᠡᠩ      1 ᠰᠠᠷ᠎ᠠ ᠶᠢᠨ 27 ᠤ ᠡᠳᠤᠷ᠂ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠰᠶᠢᠳᠪᠦᠷᠢᠲᠦ ᠤᠷᠤᠯᠳᠤᠭᠠᠨ ᠰᠢᠯᠢ ᠶᠢᠨ ᠬᠤᠲᠠ ᠶᠢᠨ ᠮᠤᠳᠤᠨ ᠮᠠᠯᠵᠢᠯ ᠤᠨ ᠲᠠᠯᠠᠪᠠᠶ ᠳᠤ ᠨᠢᠵᠢᠬᠢᠷ ᠶᠠᠪᠤᠭᠳᠠᠯ᠎ᠠ᠃      ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠪᠠᠷ ᠭᠤᠣᠯ ᠰᠢᠵᠢᠮ ᠪᠣᠯᠭᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠬᠤ ᠪᠠᠷ ᠬᠠᠷᠠᠯᠲᠠ ᠪᠤᠯᠭᠠᠵᠦ᠂ ᠲᠣᠮᠣ ᠬᠡᠯᠪᠡᠷᠢ ᠶᠢᠨ ᠤᠯᠠᠨ ᠲᠦᠮᠡᠨᠴᠢ ᠴᠢᠨᠠᠷᠲᠠᠢ ᠠᠳᠤᠭᠤᠨ ᠤ ᠭᠤᠣᠯ ᠰᠡᠳᠦᠪᠲᠦ ᠤᠷᠤᠯᠳᠤᠭᠠᠨ ᠤ ᠠᠵᠢᠯᠯᠠᠭ᠎ᠠ ᠶᠢ ᠡᠭᠦᠳᠴᠦ᠂ ᠪᠦᠬᠦ ᠠᠶᠢᠮᠠᠭ ᠤᠨ ᠤᠳᠤ ᠦᠶ᠎ᠡ ᠶᠢᠨ ᠠᠳᠤᠭᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠵᠣᠷᠢᠯᠭ᠎ᠠ ᠪᠠᠨ ᠪᠤᠯᠭᠠᠭᠰᠠᠨ ᠶᠤᠮ᠃ ᠡᠬᠢᠯᠡᠯᠲᠡ ᠶᠢᠨ ᠶᠣᠰᠣᠯᠠᠯ ᠰᠦᠷ ᠳᠠᠯᠠᠶᠢᠴᠠᠲᠠᠢ ᠶᠠᠪᠤᠬᠳᠠᠵᠦ᠂ 75 ᠮᠣᠷᠢᠲᠠᠨ ᠢᠶᠠᠷ ᠪᠦᠷᠢᠯᠳᠦᠭᠰᠡᠨ ᠲᠤᠬᠴᠢᠳ ᠤᠨ ᠡᠩᠨᠡᠭᠡ ᠬᠠᠮᠤᠭ ᠤᠨ ᠲᠦᠷᠦᠭᠦᠨ ᠳᠤ ᠲᠠᠯᠠᠪᠠᠶ ᠳᠤ ᠣᠷᠣᠪᠡ᠂ ᠲᠤᠰ ᠵᠢᠬᠰᠠᠭᠠᠯ ᠤᠨ ᠡᠩᠨᠡᠭᠡ ᠶᠢᠨ ᠮᠤᠷᠢᠳ ᠨᠢ ᠠᠪᠠᠭ᠎ᠠ ᠬᠤᠰᠢᠭᠤᠨ ᠤ 25 ᠬᠠᠷ᠎ᠠ ᠠᠳᠤᠭᠤ᠂ ᠪᠠᠷᠠᠭᠤᠨ ᠦᠵᠦᠮᠦᠴᠢᠨ ᠬᠤᠰᠢᠭᠤᠨ ᠤ 25 ᠴᠠᠭᠠᠨ ᠠᠳᠤᠭᠤ᠂ ᠵᠡᠭᠦᠨ ᠦᠵᠦᠮᠦᠴᠢᠨ ᠬᠤᠰᠢᠭᠤᠨ ᠤ 25 ᠰᠢᠷᠭ᠎ᠠ ᠠᠳᠤᠭᠤ ᠪᠠᠷ ᠪᠦᠷᠢᠯᠳᠦᠵᠦ᠂ ᠮᠤᠷᠢᠲᠡᠳ ᠨᠢ ᠰᠢᠯᠢ ᠶᠢᠨ ᠭᠤᠣᠯ ᠤᠨ ᠡᠯ᠎ᠡ ᠠᠵᠢᠯ ᠲᠥᠷᠥᠯ ᠡᠯ᠎ᠠ ᠦᠨᠳᠦᠰᠦᠲᠡᠨ ᠨᠦᠭᠦᠳ ᠤᠨ ᠣᠯᠠᠨ ᠲᠦᠮᠡᠨ ᠢᠶᠠᠷ ᠪᠦᠷᠢᠯᠳᠦᠭᠰᠡᠨ ᠪᠠᠶᠢᠯ᠎ᠠ᠃ ᠲᠠᠷᠠᠭ᠎ᠠ ᠨᠢ ᠪᠡᠭᠡᠵᠢᠩ᠂ ᠵᠧᠩᠵᠧᠦ ᠵᠡᠷᠭᠡ ᠭᠠᠵᠠᠷ ᠠᠴᠠ ᠢᠷᠡᠭᠰᠡᠨ 35 ᠪᠢᠴᠢᠬᠠᠨ ᠨᠠᠶᠢᠵᠠ ᠪᠠ ᠰᠢᠯᠢ ᠶᠢᠨ ᠭᠤᠣᠯ ᠤᠨ ᠪᠢᠴᠢᠬᠠᠨ ᠨᠠᠶᠢᠵᠠ ᠨᠠᠷ ᠭᠠᠷ ᠭᠠᠷ ᠢᠶᠠᠨ ᠬᠤᠯᠪᠣᠯᠴᠠᠨ ᠲᠠᠯᠠᠪᠠᠶ ᠳᠤ ᠤᠷᠤᠪᠡ᠃ ᠲᠡᠳᠡ ᠡᠨᠡᠭᠦ ᠠᠵᠢᠯᠯᠠᠭ᠎ᠠ ᠪᠠᠷ ᠰᠢᠯᠢ  ᠶᠢᠨ ᠭᠤᠣᠯ  ᠠᠶᠢᠮᠠᠭ ᠲᠤ ᠵᠢᠭᠤᠯᠴᠢᠯᠠᠨ ᠰᠤᠷᠤᠯᠴᠠᠬᠤ ᠠᠶᠠᠠ ᠢᠶᠠᠨ ᠡᠬᠢᠯᠡᠭᠦᠯᠵᠦ᠂ ᠤᠮᠠᠷᠠᠲᠤ ᠬᠢᠯᠢ  ᠶᠢᠨ ᠰᠣᠶᠣᠯ᠂ ᠥᠪᠡᠷᠮᠢᠴᠡ ᠣᠨᠴᠠᠯᠢᠭ ᠲᠠᠢ ᠠᠷᠠᠳ ᠤᠨ ᠵᠠᠩ ᠦᠢᠯᠡ ᠶᠢ ᠣᠶᠢᠯᠠᠭᠠᠵᠤ᠂ ᠤᠠᠴᠠᠯᠢᠬᠲᠦ ᠠᠮᠲᠠᠲᠦ ᠢᠳᠡᠭᠡᠨ ᠢ ᠠᠮᠲᠠᠯᠠᠨ᠂ ᠮᠤᠩᠭᠤᠯ ᠮᠤᠷᠢᠨ ᠤ ᠬᠤᠯᠪᠣᠭᠠᠲᠤ ᠤᠷᠤᠯᠳᠤᠭᠠᠨ ᠢ ᠰᠣᠨᠢᠷᠬᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠤᠶᠢᠯᠠᠭᠠᠪᠠ᠃      ᠲᠤᠬᠠᠢ ᠶᠢᠨ ᠲᠠᠯᠠᠪᠠᠶ ᠳᠤ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠬᠦ ᠲᠣᠭᠤᠷᠢᠭ᠂ ᠠᠮᠲᠠᠲᠤ ᠢᠳᠡᠭᠡᠨ ᠡᠮᠲᠠᠯᠠᠬᠤ ᠲᠣᠭᠤᠷᠢᠭ᠂ ᠲᠦᠳᠡᠭ ᠭᠠᠯ ᠤᠨ ᠦᠵᠡᠬᠦᠯᠭᠡ ᠶᠢᠨ ᠲᠣᠭᠤᠷᠢᠭ ᠭᠠᠷᠭᠠᠵᠤ᠂ ᠦᠵᠡᠭᠴᠢᠳ ᠦᠡᠭᠭᠡ ᠢᠯᠭᠠᠷᠠᠬᠰᠠᠨ ᠦᠨᠳᠦᠰᠦᠲᠡᠨ ᠤ ᠬᠤᠪᠴᠠᠰᠤ ᠵᠠᠰᠠᠯ ᠢᠶᠠᠷ ᠢᠶᠠᠨ ᠭᠤᠶᠤᠵᠦ᠂ ᠰᠢᠯᠢ ᠶᠢᠨ ᠭᠤᠣᠯ ᠤᠨ ᠣᠨᠴᠠᠯᠢᠭᠲᠦ ᠪᠣᠳᠠᠰ ᠤᠨ ᠪᠤᠰᠤ ᠰᠣᠶᠣᠯ ᠤᠨ ᠥᠪ ᠢ ᠰᠣᠨᠢᠷᠬᠠᠵᠤ᠂ ᠬᠤᠨᠢᠨ ᠮᠢᠬ᠎ᠠ᠂ ᠰᠦ ᠲᠠᠢ ᠴᠠᠢ᠂ ᠴᠠᠭᠠᠨ ᠢᠳᠡᠭᠡᠨ ᠵᠡᠷᠭᠡ ᠰᠢᠯᠢ ᠶᠢᠨ ᠭᠤᠣᠯ ᠤᠨ ᠣᠨᠴᠠᠯᠢᠬᠲᠦ ᠠᠮᠲᠠᠲᠤ ᠢᠳᠡᠭᠡᠨ ᠢ ᠠᠮᠲᠠᠯᠠᠵᠤ᠂ ᠲᠦᠳᠡᠭ ᠭᠠᠯ ᠢ ᠲᠣᠭᠤᠷᠢᠨ ᠮᠣᠩᠭᠤᠯ ᠦᠨᠳᠦᠰᠦᠲᠡᠨ ᠤ ᠪᠥᠵᠢᠭ ᠢ ᠪᠥᠵᠢᠭᠯᠡᠵᠦ ᠪᠠᠶᠢᠯ᠎ᠠ᠃ ᠡᠭᠦᠨ ᠠᠴᠠ ᠭᠠᠳᠠᠨ᠎ᠠ᠂ ᠰᠢᠯᠢ ᠶᠢᠨ ᠭᠤᠣᠯ ᠤᠨ ᠭᠠᠷ ᠪᠡᠯᠡᠭ ᠤᠨ ᠲᠤᠰᠬᠠᠢ ᠰᠡᠳᠦᠪᠲᠦ ᠳᠡᠯᠭᠡᠨ ᠪᠣᠷᠣᠯᠠᠭᠤᠯᠭ᠎ᠠ ᠶᠢᠨ ᠲᠤᠭᠤᠷᠢᠭ ᠲᠤ ᠲᠠᠯ᠎ᠠ ᠨᠤᠲᠤᠭ ᠤᠨ ᠬᠠᠷ᠎ᠠ ᠠᠷᠢᠬᠢ᠂ ᠭᠤᠭᠤᠳ᠂ ᠶᠧᠪᠡᠩ᠂ ᠣᠨᠴᠠᠯᠢᠭᠲᠤ ᠰᠦᠨ ᠰᠢᠬᠢᠷ ᠵᠡᠷᠭᠡ 12 ᠵᠦᠢᠯ ᠤᠨ ᠲᠠᠸᠠᠷ ᠤᠨ ᠪᠦᠲᠦᠭᠡᠭᠳᠡᠬᠦᠨ ᠢ ᠳᠡᠯᠭᠡᠨ ᠪᠤᠷᠤᠯᠠᠭᠤᠯᠵᠦ ᠪᠠᠶᠢᠯ᠎ᠠ᠃      ᠭᠦᠯᠦᠭ ᠮᠤᠷᠢᠳ ᠤᠨ ᠰᠢᠨᠳᠠᠰᠤ ᠶᠢ ᠰᠢᠯᠭᠠᠨ ᠬᠤᠷᠳᠤ ᠶᠢ ᠭᠠᠶᠢᠬᠠᠭᠤᠯᠤᠭᠰᠠᠨ 30 ᠭᠠᠵᠠᠷ ᠤᠨ ᠠᠯᠤᠰ ᠤᠨ ᠮᠤᠷᠢᠨ ᠤ ᠤᠷᠤᠯᠳᠤᠭᠠᠨ ᠳᠤ ᠪᠦᠭᠦ ᠠᠶᠢᠮᠠᠭ ᠤᠨ ᠡᠯ᠎ᠡ ᠬᠤᠰᠢᠭᠤ ᠰᠢᠶᠠᠨ ᠬᠤᠳᠠ ︵ᠤᠷᠤᠨ︶ ᠶᠢᠨ 104 ᠮᠤᠷᠢ ᠬᠤᠷᠳᠤᠯᠠᠵᠤ᠂ ᠤᠷᠤᠯᠳᠤᠭᠠᠨ ᠤ ᠳ᠋ᠦᠡᠭ ᠳᠤ᠂ ᠰᠦᠨᠢᠳ ᠪᠠᠷᠠᠭᠤᠨ ᠬᠤᠰᠢᠭᠤᠨ ᠤ ᠵᠢᠷᠤᠭᠡ ᠪᠠᠯᠭᠠᠰᠤᠨ ᠤ ᠭᠦᠭᠡᠮᠦ᠋ᠷᠡᠨ ᠤ ᠴᠢᠨ᠋ᠸ᠎ᠠ ᠶᠢᠨ ᠰᠠᠭᠠᠷᠠᠯ ᠮᠤᠷᠢ ᠳᠡᠷᠢᠭᠦᠯᠡᠵᠡᠢ᠃ 6000 ᠮᠧᠲᠷ ᠤᠨ ᠭᠦᠴᠦᠨ ᠵᠠᠯᠭᠠᠬᠤ ᠤᠷᠤᠯᠳᠤᠭᠠᠨ ᠳᠤ ᠮᠠᠨ ᠤ ᠠᠶᠢᠮᠠᠭ ᠤᠨ 13 ᠬᠤᠰᠢᠭᠤ ᠰᠢᠶᠠᠨ ᠬᠤᠳᠠ ︵ᠤᠷᠤᠨ︶ ᠶᠢᠨ 78 ᠳᠤᠭᠤᠶᠢᠯᠠᠩ ᠤᠨ 312 ᠮᠤᠷᠢ ᠬᠤᠷᠳᠤᠯᠠᠵᠤ᠂ ᠵᠡᠭᠦᠨ ᠦᠵᠤᠮᠤᠴᠢᠨ ᠬᠤᠰᠢᠭᠤᠨ ᠤ ᠳᠤᠭᠤᠶᠢᠯᠠᠩ ︵ᠡᠷᠳᠡᠨᠢᠮᠦ᠋ᠡᠭᠭᠡ ᠶᠢᠨ ᠭᠡᠭᠡᠷ ᠮᠤᠷᠢ᠂ ᠳᠦᠪᠰᠢᠨᠮᠡᠨᠳᠤᠬᠤ ᠶᠢᠨ ᠬᠠᠯᠳᠠᠷ ᠠᠵᠢᠷᠭ᠎ᠠ᠂ ᠡᠷᠳᠡᠮᠳᠤ ᠶᠢᠨ ᠬᠠᠷ᠎ᠡ ᠮᠤᠷᠢ︶ ᠳᠠᠷᠢᠭᠦᠨ ᠪᠠᠶᠢᠷᠢ ᠳᠤ ᠳᠤᠳᠤᠷᠠᠭᠰᠠᠨ ᠶᠤᠮ᠃          
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号