ᠪᠦᠷᠢᠨᠵᠢᠨ ᠴᠤᠭ ᠠᠭᠤᠯᠨ ᠰᠤᠮᠤᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠪᠠ ᠬᠤᠩᠭᠤᠷ ᠭᠠᠴᠠᠭᠠᠨ ᠤ ᠨᠠᠮ ᠤᠨ ᠡᠭᠦᠷ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠭᠠᠨ ᠵᠢᠯᠤᠭᠤᠳᠤᠯᠭ᠎ᠠ ᠬᠢᠭᠰᠡᠨ
ᠨᠡᠶᠢᠲᠡᠯᠡᠭᠰᠡᠨ ᠴᠠᠭ᠄
2024/3/28
     1 ᠳ᠋ᠤᠭᠡᠷ ᠰᠠᠷ᠎ᠠ ᠶᠢᠨ 19᠎ ᠤ ᠡᠳᠦᠷ᠂ ᠰᠢᠯᠢ ᠶᠢᠨ ᠬᠤᠲᠠ ᠶᠢᠨ ᠨᠠᠮ ᠤᠨ  ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠪᠦᠷᠢᠨᠵᠢᠨ ᠤᠷᠢᠳ ᠬᠤᠵᠢᠳ ᠴᠤᠭ ᠠᠭᠤᠯᠨ ᠰᠤᠮᠤᠨ ᠤ ᠤᠳᠤᠷᠢᠳᠬᠤ ᠪᠠᠭ ᠤᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠪᠠ ᠬᠤᠩᠭᠤᠷ ᠭᠠᠴᠠᠭᠠᠨ ᠎ ᠤ ᠨᠠᠮ ᠤᠨ ᠡᠭᠦᠷ ᠤᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠭᠠᠨ ᠵᠢᠯᠤᠭᠤᠳᠤᠯᠭ᠎ᠠ ᠬᠢᠭᠰᠡᠨ ᠪᠠᠶᠢᠨ᠎ᠠ᠃      ᠬᠤᠷᠠᠯ ᠳᠤ᠂  ᠴᠤᠭ ᠠᠭᠤᠯᠨ ᠰᠤᠮᠤᠨ ᠤ ᠨᠠᠮ ᠤᠨ ᠬᠤᠷᠢᠶᠠᠨ ᠤ ᠱᠦᠵᠢ ᠪᠣᠯᠣᠨ ᠬᠤᠩᠭᠤᠷ ᠭᠠᠴᠠᠭᠠᠨ ᠤ ᠨᠠᠮ ᠤᠨ ᠡᠭᠦᠷ ᠤᠨ ᠱᠦᠵᠢ ᠲᠣᠰ ᠲᠣᠰ ᠪᠠᠭ ᠢᠶᠠᠨ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ ᠪᠠᠭ ᠤᠨ ᠪᠦᠷᠢᠯᠳᠦᠭᠦᠨ ᠨᠠᠷ ᠪᠠᠰᠨ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ  ᠦᠷᠨᠢᠬᠦᠯᠦᠭᠰᠠᠨ ᠪᠠᠶᠢᠨ᠎ᠠ᠃      ᠪᠦᠷᠢᠨᠵᠢᠨ ᠲᠤᠰ ᠲᠤᠰ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠪᠠ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠦᠨᠡᠯᠡᠯᠲᠡ ᠬᠢᠵᠦ᠂ ᠲᠤᠰ  ᠤᠳᠠᠭᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢᠶᠠᠷ ᠰᠢᠨ᠎ᠡ ᠭᠠᠷᠤᠭ᠎ᠠ ᠪᠣᠯᠭᠠᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ︽ᠠᠰᠠᠭᠤᠳᠠᠯ ᠢ ᠨᠠᠷᠢᠨ ᠲᠠᠩᠰᠠᠵᠢᠭᠤᠯᠬᠤ᠂ ᠨᠠᠷᠢᠨ ᠲᠠᠩᠰᠠ ᠶᠢ ᠬᠠᠷᠢᠭᠤᠴᠠᠯᠭᠠᠵᠢᠭᠤᠯᠬᠤ᠂ ᠬᠠᠷᠢᠭᠤᠴᠠᠯᠭᠠᠲᠠᠨ ᠡᠬᠦᠷᠭᠡᠯᠡᠬᠦ︾ ᠵᠠᠷᠴᠢᠮ ᠶᠣᠰᠣᠭᠠᠷ ᠠᠰᠠᠭᠤᠳᠠᠯ ᠢ ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠬᠤ ᠶᠢ ᠲᠥᠪ ᠴᠢᠩᠭ᠎ᠠ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠡᠨᠡᠬᠦ ᠭᠤᠣᠯ ᠰᠢᠵᠢᠮ ᠢ ᠪᠠᠲᠤ ᠡᠵᠡᠮᠳᠡᠵᠦ᠂ ᠵᠢᠯ ᠤᠨ ᠡᠴᠦᠰ  ᠤᠨ ᠤ ᠡᠬᠢᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠴᠠᠭ ᠢᠮᠠᠭᠲᠠ ᠠᠩᠬᠠᠷᠴᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠡᠷᠡᠰ ᠬᠠᠮᠠᠭᠠᠯᠠᠵᠤ᠂ ᠤᠯᠠᠨ ᠲᠦᠮᠡᠨ ᠎ ᠢ  ᠠᠮᠤᠷ ᠲᠠᠶᠢᠪᠤᠩ ᠮᠠᠨᠳᠤ ᠡᠪᠤᠯᠵᠢᠵᠤ ᠥᠯᠵᠡᠢ ᠪᠡᠯᠭᠡ ᠲᠠᠢ ᠰᠢᠨ᠎ᠠ ᠵᠢᠯ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠠᠭ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠲᠦᠷᠦᠭᠦᠯᠡᠨ ᠬᠠᠮᠠᠭᠠᠯᠠᠵᠤ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃       ᠰᠢᠯᠢ ᠶᠢᠨ ᠬᠤᠳᠠ ᠶᠢᠨ ᠳᠡᠳ᠋ ᠳᠠᠷᠤᠭ᠎ᠠ ᠶᠢᠨ ᠵᠢᠶᠦ᠋ᠨ ᠹᠧᠩ ᠬᠠᠮᠲᠤ ᠪᠠᠷ ᠵᠢᠯᠤᠭᠤᠳᠬᠤ ᠬᠤᠷᠠᠯ ᠳᠤ ᠤᠷᠤᠯᠴᠠᠵᠠᠢ᠃  ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠣᠯᠣᠨ ᠬᠢᠨᠠᠨ ᠪᠠᠶᠢᠴᠠᠭᠠᠬᠤ ᠺᠣᠮᠢᠰ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠤᠭᠤᠳᠴᠤ ᠦᠨᠡᠯᠡᠯᠲᠡ  ᠬᠢᠭᠰᠡᠨ ᠪᠠᠶᠢᠨ᠎ᠠ᠃      ᠲᠣᠰ ᠮᠡᠳᠡᠭᠡ ᠶᠢ ᠲᠣᠭᠤᠷ ᠣᠷᠴᠢᠭᠤᠯᠣᠨ ᠨᠠᠶᠢᠷᠠᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号