︽ᠪᠥᠬᠦ ᠣᠷᠣᠨ ᠳᠤ ᠨᠡᠶᠢᠳᠡᠮ ᠭᠦᠢᠴᠡᠳᠬᠡᠬᠦ ᠴᠣᠩᠬᠤᠪᠴᠢ ᠨᠢ ᠣᠨᠴᠠᠭᠠᠶ ᠳᠥᠬᠦᠮ᠂ ᠡᠮᠨᠡᠯᠭᠡ ᠳᠤ | ᠰᠠᠭᠤᠭᠰᠠᠨ ᠵᠠᠷᠤᠳᠠᠯ ᠤᠨ ᠲᠠᠩᠰᠠ ᠶᠢ ᠲᠠᠶᠢᠯᠬᠤ ᠳᠤ ᠬᠤᠶᠠᠷ ᠭᠠᠵᠠᠷ ᠤᠨ ᠬᠤᠭᠤᠷᠤᠨᠳᠤ ᠨᠠᠭᠠᠰᠢ ᠴᠠᠭᠠᠰᠢ ᠭᠦᠶᠦᠬᠦ | ᠴᠢᠬᠤᠯᠠ ᠦᠭᠡᠢ᠂ ᠡᠨᠡ ᠨᠢ ᠲᠣᠰ ᠭᠠᠵᠠᠷ ᠲᠤ ᠪᠠᠨ ᠳᠠᠭᠠᠳᠬᠠᠯ ᠳᠤ ᠣᠷᠣᠯᠴᠠᠭᠰᠠᠨ ᠦᠭᠡᠢ ᠮᠠᠨᠤᠰ ᠲᠤ ᠠᠪᠴᠤ | ᠬᠡᠯᠡᠪᠡᠯ ᠦᠨᠡᠬᠡᠷ ᠲᠥᠬᠦᠮ ᠪᠣᠯᠪᠠ᠃︾ ᠨᠢᠳᠤᠨᠤᠨ ᠤ 7 ᠳ᠋ᠤᠭᠠᠷ ᠰᠠᠷ᠎ᠠ ᠳᠤ᠂ ᠤᠯᠠᠭᠠᠢ ᠬᠠᠮᠢᠶᠠᠷᠤᠯᠲᠠ ᠶᠢᠨ | ᠣᠷᠣᠨ ᠳᠤ ᠰᠠᠭᠤᠭ᠎ᠠ ᠸᠠᠩ ᠠᠪᠤᠭᠠᠢ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠲᠤᠬᠠᠶᠢᠯᠠᠭᠰᠠᠨ ᠠᠵᠢᠯ ᠢ | ᠭᠦᠢᠴᠡᠳᠬᠡᠬᠦ ᠳᠠᠷᠠᠭᠠᠯᠠᠯ ᠢᠶᠠᠷ ᠳᠡᠮᠵᠢᠨ᠂ ᠬᠢᠩᠭᠠᠨ ᠠᠶᠢᠮᠠᠭ ᠲᠤ ᠳᠠᠭᠠᠳᠬᠠᠯ ᠳᠤ ᠣᠷᠣᠯᠴᠠᠭᠰᠠᠨ ᠡᠬᠡᠨᠡᠷ ᠤᠨ ᠢᠶᠠᠨ | ᠡᠮᠨᠡᠯᠭᠡ ᠳᠤ ᠰᠠᠭᠤᠭᠰᠠᠨ ᠵᠠᠷᠤᠳᠠᠯ ᠤᠨ ᠲᠠᠩᠰᠠ ᠲᠠᠶᠢᠯᠬᠤ ᠲᠤᠬᠠᠶᠢᠯᠠᠭᠰᠠᠨ ᠠᠵᠢᠯ ᠢ ᠠᠮᠵᠢᠯᠲᠠᠲᠠᠢ ᠭᠤᠶᠤᠴᠢᠯᠠᠨ | ᠭᠦᠢᠴᠡᠳᠬᠡᠵᠡᠢ᠃ | ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠪᠠ ᠰᠦᠯᠵᠢᠶᠡᠨ ᠠᠴᠠ ᠭᠠᠳᠠᠭᠤᠷᠬᠢ ︽ᠪᠥᠬᠦ ᠣᠷᠣᠨ ᠳᠤ | ᠨᠡᠶᠢᠳᠡᠮ ᠭᠦᠢᠴᠡᠳᠬᠡᠬᠦ︾ ᠠᠵᠢᠯ ᠢ ᠭᠥᠯᠢᠶᠡᠨ ᠠᠪᠤᠭᠰᠠᠨ ᠠᠴᠠ ᠨᠠᠭᠠᠰᠢ᠂ ᠰᠢᠯᠢ ᠶᠢᠨ ᠭᠤᠣᠯ ᠠᠶᠢᠮᠠᠭ ︽ᠬᠤᠶᠠᠷ | ᠨᠡᠶᠢᠳᠡᠮ ᠭᠦᠢᠴᠡᠳᠬᠡᠬᠦ︾ ᠶᠢ ᠤᠶᠠᠯᠳᠤᠭᠤᠯᠤᠨ ᠭᠦᠢᠴᠡᠳᠬᠡᠬᠦ ᠶᠢ ᠢᠳᠡᠪᠬᠢᠲᠡᠢ ᠠᠬᠢᠭᠤᠯᠵᠤ᠂ ᠡᠯ᠎ᠡ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ | ᠴᠣᠩᠬᠤᠪᠴᠢ ᠳᠤ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠱᠣᠰᠢᠭ᠎ᠠ ᠶᠢ ᠨᠡᠮᠡᠵᠦ ᠡᠯᠭᠦᠭᠡᠳ᠂ | ᠶᠡᠷᠦᠩᠬᠡᠶᠢᠯᠡᠭᠰᠡᠨ ᠴᠣᠩᠬᠤᠪᠴᠢ ᠶᠢᠨ ᠨᠢᠭᠡᠳᠦᠯᠲᠡᠢ ᠬᠠᠮᠢᠶᠠᠷᠤᠯᠲᠠ ᠳᠤ ᠣᠷᠣᠭᠤᠯᠵᠠᠢ᠃ ᠰᠢᠯᠢ ᠶᠢᠨ ᠭᠤᠣᠯ | ᠠᠶᠢᠮᠠᠭ ᠨᠢ ᠨᠢᠭᠡ ᠴᠣᠭᠴᠠᠵᠢᠭᠤᠯᠤᠭᠰᠠᠨ ᠲᠠᠪᠴᠠᠩ ᠵᠢᠴᠢ ᠡᠯ᠎ᠡ ᠰᠠᠯᠠᠭ᠎ᠠ ᠮᠥᠴᠢᠷ ᠤᠨ ᠲᠤᠰᠬᠠᠢ ᠮᠡᠷᠭᠡᠵᠢᠯ ᠤᠨ | ᠲᠠᠪᠴᠠᠩ ᠳᠤ ᠳᠤᠯᠳᠦ᠋ᠢᠳᠴᠤ᠂ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ᠂ ᠣᠨᠳᠣᠣ ᠭᠠᠵᠠᠷ ᠤᠨ ᠬᠢ | ᠣᠷᠣᠯᠠᠨ ᠬᠤᠷᠢᠶᠠᠵᠤ ᠣᠷᠣᠯᠠᠨ ᠭᠦᠢᠴᠡᠳᠬᠡᠬᠦ᠂ ᠣᠯᠠᠨ ᠭᠠᠵᠠᠷ ᠬᠠᠮᠲᠤᠷᠠᠨ ᠭᠦᠢᠴᠡᠳᠬᠡᠬᠦ ᠪᠠ ᠶᠡᠷᠦᠩᠬᠡᠶᠢᠯᠡᠭᠰᠡᠨ | ᠴᠣᠩᠬᠤᠪᠴᠢ ᠪᠠᠷ ᠭᠦᠢᠴᠡᠳᠬᠡᠬᠦ ᠵᠡᠷᠭᠡ ᠵᠠᠭᠪᠤᠷ ᠤᠳ ᠢ ᠬᠡᠷᠡᠭᠯᠡᠨ᠂ ︽ᠬᠤᠶᠠᠷ ᠨᠡᠶᠢᠳᠡᠮ ᠭᠦᠢᠴᠡᠳᠬᠡᠬᠦ︾ | ᠵᠦᠢᠯᠡᠰ ᠢ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ ᠣᠯᠠᠨ ᠠᠷᠭ᠎ᠠ ᠵᠠᠮ᠂ ᠣᠯᠠᠨ ᠠᠷᠭ᠎ᠠ | ᠮᠠᠶ᠋ᠢᠭ ᠢᠶᠠᠷ ᠤᠶᠠᠯᠳᠤᠭᠤᠯᠤᠨ ᠭᠦᠢᠴᠡᠳᠬᠡᠬᠦ ᠶᠢ ᠪᠡᠶᠡᠯᠡᠭᠦᠯᠦᠭᠰᠡᠨ ᠪᠠᠶᠢᠨ᠎ᠠ᠃ ᠨᠢᠳᠤᠨᠤᠨ ᠤ ᠵᠢᠯ ᠤᠨ ᠡᠴᠦᠰ | ᠪᠣᠯᠲᠠᠯ᠎ᠠ᠂ ᠰᠢᠯᠢ ᠶᠢᠨ ᠭᠤᠣᠯ ᠠᠶᠢᠮᠠᠭ ᠨᠢ ᠨᠢᠭᠡᠨᠲᠡ ᠨᠢᠭᠡ ᠴᠣᠭᠴᠠᠵᠢᠭᠤᠯᠤᠭᠰᠠᠨ ᠲᠠᠪᠴᠠᠩ ᠤᠨ ᠪᠥᠬᠦ ᠣᠷᠣᠨ ᠳᠤ | ᠨᠡᠶᠢᠳᠡᠮ ᠭᠦᠢᠴᠡᠳᠬᠡᠬᠦ ᠲᠤᠰᠬᠠᠢ ᠲᠣᠭᠤᠷᠢᠭ ᠢᠶᠠᠷ ᠳᠠᠮᠵᠢᠭᠤᠯᠤᠨ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ | ᠲᠤᠬᠠᠶᠢᠯᠠᠭᠰᠠᠨ ᠠᠵᠢᠯ ᠢ 78 ᠭᠥᠯᠢᠶᠡᠨ ᠠᠪᠴᠤ ᠰᠢᠯᠵᠢᠭᠦᠯᠦᠨ ᠭᠦᠢᠴᠡᠳᠬᠡᠵᠦ᠂ 68 ᠵᠦᠢᠯ ᠢ ᠭᠥᠯᠢᠶᠡᠨ | ᠠᠪᠴᠤ ᠰᠢᠯᠵᠢᠭᠦᠯᠦᠨ ᠭᠦᠢᠴᠡᠳᠬᠡᠵᠦ᠂ 68 ᠵᠦᠢᠯ ᠢ ᠬᠢᠨᠠᠨ ᠵᠥᠪᠰᠢᠶᠡᠷᠡᠵᠦ ᠭᠦᠢᠴᠡᠳᠬᠡᠨ ᠲᠠᠭᠤᠰᠬᠠᠵᠠᠢ᠃ | ᠲᠣᠭᠲᠠᠭᠰᠠᠨ ᠬᠤᠭᠤᠴᠠᠭᠠᠨ ᠳᠤ ᠰᠢᠯᠵᠢᠭᠦᠯᠦᠨ ᠭᠦᠢᠴᠡᠳᠬᠡᠬᠦ ᠪᠠ ᠬᠢᠨᠠᠨ ᠵᠥᠪᠰᠢᠶᠡᠷᠡᠬᠦ ᠶᠢ ᠭᠦᠢᠴᠡᠳᠬᠡᠨ | ᠳᠠᠭᠤᠰᠬᠠᠭᠰᠠᠨ ᠨᠣᠷᠮ᠎ᠠ 100% ᠳᠤ ᠬᠥᠷᠪᠡ᠃ | ︽ᠬᠤᠶᠠᠷ ᠨᠡᠶᠢᠳᠡᠮ ᠭᠦᠢᠴᠡᠳᠬᠡᠬᠦ︾ ᠨᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ᠂ ᠠᠷᠠᠳ ᠤᠨ ᠶᠠᠪᠤᠳᠠᠯ᠂ ᠪᠠᠶᠢᠭᠠᠯᠢ ᠶᠢᠨ ᠡᠬᠢ ᠪᠠᠶᠠᠯᠢᠭ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ 14 ᠰᠠᠯᠠᠭ᠎ᠠ ᠮᠥᠴᠢᠷ ᠲᠤ ᠬᠤᠯᠪᠣᠭᠳᠠᠨ᠎ᠠ᠃ ᠰᠢᠯᠢ ᠶᠢᠨ ᠭᠤᠣᠯ | ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠢ ᠥᠪᠡᠷᠲᠡᠭᠡᠨ ᠵᠠᠰᠠᠬᠤ ᠣᠷᠣᠨ ᠤ | ᠠᠵᠢᠯ ᠲᠥᠷᠥᠯ ᠤᠨ ᠳᠡᠭᠡᠳᠦ ᠱᠠᠲᠤᠨ ᠤ ᠰᠠᠯᠠᠭ᠎ᠠ ᠮᠥᠴᠢᠷ ᠤᠳ ᠲᠠᠢ ᠪᠠᠨ ᠢᠳᠡᠪᠬᠢᠲᠡᠢ ᠵᠣᠯᠭᠠᠯᠳᠤᠵᠤ᠂ ᠲᠣᠰ | ᠰᠢᠰᠲ᠋ᠧᠮ᠂ ᠲᠣᠰ ᠬᠦᠷᠢᠶᠡᠨ ᠤ ᠵᠦᠢᠯᠡᠰ ᠢ ᠲᠠᠨᠢᠵᠤ ᠠᠪᠬᠤ᠂ ᠨᠠᠶᠢᠷᠠᠭᠤᠯᠤᠨ ᠲᠤᠭᠤᠷᠪᠢᠬᠤ᠂ ᠬᠢᠨᠠᠨ | ᠬᠠᠷᠭᠤᠭᠤᠯᠬᠤ᠂ ᠨᠡᠶᠢᠲᠡᠯᠡᠬᠦ ᠵᠡᠷᠭᠡ ᠲᠠᠯ᠎ᠠ ᠶᠢᠨ ᠠᠵᠢᠯ ᠤᠳ ᠢᠶᠠᠨ ᠦᠨᠡᠨ ᠬᠦ ᠰᠠᠶᠢᠲᠤᠷ ᠬᠢᠵᠦ ᠪᠠᠶᠢᠨ᠎ᠠ᠃ ᠡᠭᠦᠨ ᠤ | ᠬᠠᠮᠲᠤ᠂ ᠵᠢᠯᠤᠳᠤᠭᠤᠯᠭ᠎ᠠ ᠪᠣᠯᠪᠠᠰᠤᠷᠠᠯ ᠢ ᠢᠳᠡᠪᠬᠢᠲᠡᠢ ᠥᠷᠨᠢᠭᠦᠯᠦᠨ᠂ ᠭᠥᠯᠢᠶᠡᠨ ᠠᠪᠴᠤ ᠭᠦᠢᠴᠡᠳᠬᠡᠬᠦ᠂ | ᠰᠢᠯᠵᠢᠭᠦᠯᠦᠨ ᠭᠦᠢᠴᠡᠳᠬᠡᠬᠦ ᠴᠣᠩᠬᠤᠪᠴᠢ ᠶᠢᠨ ᠠᠵᠢᠯᠲᠠᠳ ᠢ ᠲᠥᠷᠥ ᠶᠢᠨ ᠪᠣᠳᠣᠯᠭ᠎ᠠ᠂ ᠲᠤᠬᠠᠶᠢᠯᠠᠭᠰᠠᠨ ᠠᠵᠢᠯ᠂ | ᠠᠯᠬᠤᠮ ᠳᠠᠷᠠᠭ᠎ᠠ ᠳᠤ ᠪᠣᠯᠪᠠᠰᠤᠷᠠᠩᠭᠤᠢ ᠪᠣᠯᠭᠠᠵᠤ᠂ ᠣᠷᠣᠯᠠᠨ ᠬᠤᠷᠢᠶᠠᠵᠤ ᠰᠢᠯᠵᠢᠭᠦᠯᠦᠨ ᠭᠦᠢᠴᠡᠳᠬᠡᠬᠦ ᠵᠦᠢᠯᠡᠰ ᠢ | ᠨᠢᠭᠡ ᠯᠡ ᠤᠳᠠᠭ᠎ᠠ ᠳᠤ ᠲᠤᠰᠢᠶᠠᠬᠤ᠂ ᠨᠢᠭᠡ ᠯᠡ ᠴᠣᠩᠬᠤᠪᠴᠢ ᠪᠠᠷ ᠰᠢᠯᠵᠢᠭᠦᠯᠦᠨ ᠭᠦᠢᠴᠡᠳᠬᠡᠬᠦ ᠶᠢ | ᠪᠡᠶᠡᠯᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃ | ᠲᠠᠷᠠᠭᠠᠴᠢ ᠪᠠᠷ᠂ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ | ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠡᠯ᠎ᠡ ᠭᠠᠵᠠᠷ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠯᠦᠭᠡ ᠶᠢᠨ ᠣᠶᠢᠯᠠᠭᠠᠯᠴᠠᠭ᠎ᠠ ᠬᠠᠷᠢᠯᠴᠠᠭ᠎ᠠ ᠪᠠᠨ ᠴᠢᠨᠠᠭᠰᠢᠳᠠ | ᠤᠯᠠᠮ ᠴᠢᠩᠭᠠᠳᠬᠠᠵᠤ᠂ ᠬᠥᠭᠵᠢᠯᠲᠡ ᠶᠢᠨ ᠬᠡᠷᠡᠭᠴᠡᠭᠡ ᠪᠠ ᠠᠵᠤ ᠠᠬᠤᠶᠢᠯᠠᠯ ᠣᠯᠠᠨ ᠲᠦᠮᠡᠨ ᠤ ᠬᠡᠷᠡᠭᠴᠡᠭᠡ | ᠱᠠᠭᠠᠷᠳᠠᠯᠭ᠎ᠠ ᠳᠤ ᠨᠡᠶᠢᠴᠡᠭᠰᠡᠨ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ ᠦᠢᠯᠡᠴᠢᠯᠡᠭᠡ ᠬᠠᠩᠭᠠᠨ᠎ᠠ᠃ | ᠡᠭᠦᠨ ᠤ ᠬᠠᠮᠲᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠦᠯᠵᠢᠶᠡᠨ ᠳᠡᠭᠡᠷ᠎ᠡ ᠴᠠᠭ ᠢᠮᠠᠭᠲᠠ ᠭᠦᠢᠴᠡᠳᠬᠡᠬᠦ | ᠂ ᠪᠥᠬᠦ ᠬᠦᠷᠢᠶᠡᠨ ᠤ ᠣᠶᠢᠷ᠎ᠠ ᠬᠠᠪᠢ ᠳᠤ ᠨᠢ ᠭᠦᠢᠴᠡᠳᠬᠡᠬᠦ᠂ ᠬᠢᠯᠪᠠᠷ ᠲᠦᠷᠭᠡᠨ ᠭᠦᠢᠴᠡᠳᠬᠡᠬᠦ ᠶᠢ ᠦᠷᠭᠦᠯᠵᠢᠯᠡᠨ | ᠰᠢᠯᠢᠳᠡᠭᠵᠢᠭᠦᠯᠵᠦ᠂ ︽ᠲᠣᠰ ᠭᠠᠵᠠᠷ ᠪᠠ ᠣᠨᠳᠣᠣ ᠭᠠᠵᠠᠷ ᠤᠨ ᠬᠢ ᠵᠡᠷᠭᠡ ᠪᠠᠷ ᠭᠦᠢᠴᠡᠳᠬᠡᠬᠦ︾ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠠᠭᠪᠤᠷ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠴᠢᠨᠠᠷ ᠢ ᠳᠡᠭᠡᠭᠰᠢᠯᠡᠭᠦᠯᠦᠨ ᠠᠰᠢᠭ ᠢ ᠨᠡᠮᠡᠭᠳᠡᠭᠦᠯᠬᠦ ᠶᠢ ᠴᠢᠷᠮᠠᠶᠢᠨ ᠪᠡᠶᠡᠯᠡᠭᠦᠯᠵᠦ᠂ ᠰᠢᠯᠢ ᠶᠢᠨ | ᠭᠤᠣᠯ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ |