ᠰᠢᠯᠢ ᠶᠢᠨ ᠬᠤᠳᠠ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ  ᠶᠠᠪᠤᠭᠤᠯᠤᠭᠰᠠᠨ
ᠨᠡᠶᠢᠲᠡᠯᠡᠭᠰᠡᠨ ᠴᠠᠭ᠄
2024/3/28
    3 ᠰᠠᠷ᠎ᠠ ᠶᠢᠨ 20 ᠤ ᠡᠳᠦᠷ᠂ ᠰᠢᠯᠢ ᠶᠢᠨ ᠬᠤᠳᠠ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠤᠭᠰᠠᠨ ᠪᠠᠶᠢᠨ᠎ᠠ᠃        ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠰᠢᠸ ᠵᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠤᠳᠤᠷᠢᠳᠬᠤ ᠺᠠᠳ᠋ᠷ ᠢᠯᠠᠩᠭᠤᠶ᠎ᠠ ︽ᠨᠢᠭᠡᠳᠦᠭᠡᠷ ᠬᠠᠷᠢᠭᠤᠴᠠᠯᠭᠠᠳᠠᠨ︾ ᠲᠤᠰ ᠪᠡᠶ᠎ᠡ ᠶᠢᠨ ᠰᠤᠷᠤᠯᠴᠠᠯᠭ᠎ᠠ ᠪᠠᠨ ᠰᠠᠶᠢᠲᠤᠷ ᠠᠳᠬᠤᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠠᠬᠢᠭᠤᠯᠬᠤ ᠲᠠᠢ ᠤᠶᠠᠯᠳᠤᠭᠤᠯᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠶᠢ ︽ᠨᠠᠮ ᠤᠨ ᠪᠠᠶᠢᠭᠤᠯᠤᠯᠲᠠ ᠶᠢᠨ ᠪᠦᠯᠦᠭ︾᠂ ︽ᠦᠨᠳᠦᠰᠦᠲᠡᠨ ᠤ ᠪᠦᠯᠦᠭ︾᠂ ︽ᠥᠪᠥᠷ ᠮᠣᠩᠭᠤᠯ ᠤᠨ ᠪᠦᠯᠦᠭ︾ ᠲᠠᠢ ᠲᠤᠤᠱᠯᠠᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠠᠰᠠᠭᠤᠳᠠᠯ ᠢ ᠵᠠᠳᠠᠯᠬᠤ᠂ ᠠᠰᠠᠭᠤᠳᠠᠯ ᠢ ᠰᠢᠢᠳᠪᠦᠷᠢᠯᠡᠬᠦ ᠪᠠ ᠪᠤᠳᠤᠯᠢᠶᠠᠨᠲᠠᠢ ᠪᠠᠶᠢᠳᠠᠯ ᠢ ᠠᠷᠭᠠᠴᠠᠬᠤ ᠴᠢᠳᠠᠪᠤᠷᠢ ᠪᠣᠯᠣᠨ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ︽ᠳᠠᠷᠤᠢ ᠳᠤᠨᠢ ᠭᠦᠢᠴᠡᠳᠬᠡᠬᠦ︾ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠵᠦ᠂ ᠡᠯ᠎ᠡ ᠵᠦᠢᠯ ᠤᠨ ᠠᠵᠢᠯ ᠤᠨ ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠶᠢ ᠠᠬᠢᠭᠤᠯᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠶᠢ ᠠᠬᠢᠭᠤᠯᠬᠤ ᠬᠡᠷᠡᠭᠲᠡᠢ  ᠭᠡᠵᠡᠢ᠃      ᠲᠣᠰ ᠮᠡᠳᠡᠭᠡ ᠶᠢ ᠲᠣᠭᠤᠷ ᠣᠷᠴᠢᠭᠤᠯᠣᠨ ᠨᠠᠶᠢᠷᠠᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号