ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ | ᠬᠡᠷᠡᠭᠵᠢᠭᠦᠯᠬᠦ ᠰᠠᠨᠠᠯ ᠢ ᠨᠡᠶᠢᠲᠡᠯᠡᠪᠡ — ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠬᠥᠭᠵᠢᠯᠲᠡ ᠳᠤ ᠳᠠᠬᠢᠨ | ᠬᠦᠴᠦ ᠨᠡᠮᠡᠷᠢᠯᠡᠨ᠎ᠡ | ᠨᠡᠶᠢᠲᠡᠯᠡᠭᠰᠡᠨ ᠴᠠᠭ᠄ 2024/3/21 | ᠪᠥᠬᠦ ᠤᠯᠤᠰ ᠲᠤ 100 ᠣᠷᠴᠢᠮ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ︽ᠳᠠᠭᠠᠭᠤᠯᠤᠭᠴᠢ | ᠰᠢᠶᠠᠨ︾ ᠢ ᠪᠤᠶᠢᠵᠢᠭᠤᠯᠵᠤ᠂ 1000 ᠣᠷᠴᠢᠮ ᠰᠢᠶᠠᠨ ᠤ ᠬᠡᠪᠴᠢᠶᠡᠨ ᠳᠠᠬᠢ ᠳ᠋ᠢᠭᠢᠲ᠋ᠠᠯᠴᠢᠯᠠᠭᠰᠠᠨ ᠭᠦᠢᠯᠭᠡᠭᠡᠨ ᠤ | ᠬᠦᠲᠦᠴᠢ ᠠᠵᠤ ᠠᠬᠤᠶᠢᠯᠠᠯ ᠢ ᠪᠤᠶᠢᠵᠢᠭᠤᠯᠤᠨ᠂ 1000 ᠣᠷᠴᠢᠮ ᠰᠢᠶᠠᠨ ᠤ ᠬᠡᠪᠴᠢᠶᠡᠨ ᠳᠠᠬᠢ ᠰᠢᠭᠤᠳ | ᠨᠡᠪᠲᠡᠷᠡᠭᠦᠯᠭᠡ ᠶᠢᠨ ᠡᠯᠧᠺᠳ᠋ᠷᠣᠨ ᠬᠤᠳᠠᠯᠳᠤᠭᠠᠨ ᠤ ᠰᠠᠭᠤᠷᠢᠨ ᠢ ᠪᠠᠶᠢᠭᠤᠯᠵᠤ᠂ 10000 ᠣᠷᠴᠢᠮ ᠬᠥᠳᠡᠭᠡ ᠲᠣᠰᠬᠤᠨ ᠤ | ᠡᠯᠧᠺᠳ᠋ᠷᠣᠨ ᠬᠤᠳᠠᠯᠳᠤᠭᠠᠨ ᠤ ᠳᠠᠭᠠᠭᠤᠯᠤᠭᠴᠢ ᠶᠢ ᠪᠤᠶᠢᠵᠢᠭᠤᠯᠤᠨ᠎ᠠ ᠁ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ | 9 ᠰᠠᠯᠠᠭ᠎ᠠ ᠮᠥᠴᠢᠷ ᠣᠶᠢᠷ᠎ᠠ ᠳᠤ ︽ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠪᠠ︶ ᠢ | ᠳᠠᠷᠤᠮᠠᠯᠯᠠᠨ ᠲᠠᠷᠬᠠᠭᠠᠵᠤ᠂ ᠳᠡᠭᠡᠷᠡᠬᠢ 5 ᠵᠢᠯ ᠤᠨ ᠬᠤᠭᠤᠴᠠᠭᠠᠲᠤ ᠡᠭᠦᠷᠭᠡ ᠶᠢᠨ ᠬᠠᠷᠠᠯᠲᠠ ᠶᠢ ᠳᠤᠷᠠᠳᠪᠠ᠃ | ᠬᠤᠳᠠᠯᠳᠤᠭᠠᠨ ᠤ ᠶᠠᠪᠤᠳᠠᠯ ᠤᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠪᠠ ᠭᠠᠵᠠᠷ ᠣᠷᠣᠨ ᠲᠠᠢ ᠬᠠᠮᠲᠤ ᠪᠠᠷ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ | ᠴᠢᠨᠠᠷ ᠰᠠᠶᠢᠲᠠᠢ ᠬᠥᠭᠵᠢᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ ᠰᠢᠶᠠᠨ ᠰᠢᠶᠠᠩ ᠲᠣᠰᠬᠤᠨ ᠤ ᠡᠯᠧᠺᠳ᠋ᠷᠣᠨ | ᠬᠤᠳᠠᠯᠳᠤᠭᠠᠨ ᠤ ᠶᠠᠪᠤᠳᠠᠯ ᠪᠠ ᠲᠦᠷᠭᠡᠨ ᠢᠯᠡᠭᠡᠯᠲᠡ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ | ᠲᠣᠭᠲᠠᠯᠴᠠᠭ᠎ᠠ ᠶᠢ ᠲᠦᠷᠭᠡᠳᠬᠡᠨ ᠨᠠᠪᠲᠠᠷᠡᠭᠦᠯᠵᠦ᠂ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭ᠎ᠠ ᠬᠢᠭᠡᠳ ᠬᠥᠳᠡᠭᠡ | ᠲᠣᠰᠬᠤᠨ ᠤ ᠣᠨᠴᠠᠯᠢᠭᠲᠤ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠬᠥᠲᠥᠯᠥᠨ ᠵᠢᠯᠤᠭᠤᠳᠴᠤ᠂ ᠬᠥᠳᠡᠭᠡ | ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠨ ᠨᠡᠮᠡᠷᠢᠯᠡᠨ᠎ᠡ ᠭᠡᠵᠡᠢ᠃ | 3000 ᠰᠢᠬᠠᠮ ᠰᠢᠶᠠᠨ ᠤ ᠱᠠᠲᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ ᠢ ᠪᠠᠶᠢᠭᠤᠯᠪᠠ | ᠬᠤᠳᠠᠯᠳᠤᠭᠠᠨ ᠤ ᠶᠠᠪᠤᠳᠠᠯ ᠤᠨ ᠲᠣᠮᠣ ᠳ᠋ᠠᠶᠢᠲ᠋ᠠ ᠶᠢᠨ ᠬᠢᠨᠠᠨ ᠬᠡᠮᠵᠢᠯᠲᠡ ᠶᠢ ᠦᠨᠳᠦᠰᠦᠯᠡᠪᠡᠯ᠂ 2023 ᠣᠨ ᠳᠤ᠂ | ᠪᠥᠬᠦ ᠤᠯᠤᠰ ᠤᠨ ᠬᠥᠳᠡᠭᠡ ᠲᠣᠰᠬᠤᠨ ᠤ ᠰᠦᠯᠵᠢᠶ᠎ᠡ ᠪᠠᠷ ᠵᠢᠵᠢᠭᠯᠡᠨ ᠪᠣᠷᠣᠯᠠᠭᠤᠯᠤᠭᠰᠠᠨ ᠲᠤᠭ᠎ᠠ 2.5 ᠲᠦᠮᠡᠨ | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.9% ᠪᠠᠷ ᠨᠡᠮᠡᠭᠳᠡᠨ᠂ 2014 | ᠣᠨ ᠤ ᠬᠢ ᠠᠴᠠ 13 ᠳᠠᠬᠢᠨ ᠰᠢᠬᠠᠮ ᠨᠡᠮᠡᠭᠳᠡᠵᠡᠢ︔ ᠪᠥᠬᠦ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ | ᠰᠦᠯᠵᠢᠶ᠎ᠡ ᠪᠠᠷ ᠵᠢᠵᠢᠭᠯᠡᠨ ᠪᠣᠷᠣᠯᠠᠭᠤᠯᠤᠭᠰᠠᠨ ᠲᠤᠭ᠎ᠠ 5870.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 12.5% ᠪᠠᠷ ᠨᠡᠮᠡᠭᠳᠡᠨ᠂ ᠪᠠᠷᠤᠭ 2014 ᠣᠨ ᠤ 5 ᠳᠠᠬᠢᠨ ᠪᠣᠯᠵᠠᠢ᠃ | ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠦᠢᠯᠭᠡᠭᠡᠨ ᠤ ᠬᠦᠭᠵᠢᠭᠦᠯᠦᠯᠲᠡ ᠶᠢᠨ ᠵᠤᠷᠭᠠᠨ ᠤ ᠬᠠᠷᠢᠭᠤᠴᠠᠯᠭᠠᠲᠠᠨ ᠤ | ᠬᠡᠯᠡᠬᠦ ᠪᠠᠷ᠂ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭ᠎ᠠ ᠶᠢ ᠬᠥᠭᠵᠢᠭᠦᠯᠬᠦ ᠨᠢ ᠬᠤᠳᠠᠯᠳᠤᠭᠠᠨ ᠤ ᠵᠠᠭᠪᠤᠷ ᠤᠨ | ᠰᠢᠨ᠎ᠡ ᠶᠢ ᠡᠭᠦᠳᠬᠦ᠂ ᠬᠥᠳᠡᠭᠡ ᠲᠣᠰᠬᠤᠨ ᠤ ᠤᠳᠤ ᠦᠶ᠎ᠡ ᠶᠢᠨ ᠭᠦᠢᠯᠭᠡᠭᠡᠨ ᠤ ᠲᠣᠭᠲᠠᠯᠴᠠᠭ᠎ᠠ ᠶᠢ ᠪᠠᠶᠢᠭᠤᠯᠬᠤ ᠴᠢᠬᠤᠯᠠ | ᠠᠷᠭ᠎ᠠ ᠬᠡᠮᠵᠢᠶ᠎ᠡ ᠮᠥᠨ᠂ ᠲᠠᠷᠢᠶᠠᠯᠠᠩ ᠠᠵᠤ ᠠᠬᠤᠢ ᠶᠢᠨ ᠬᠥᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ᠂ | ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠪᠦᠲᠦᠮᠵᠢᠲᠡᠢ ᠭᠠᠷᠳᠠᠴᠠ ᠮᠥᠨ᠂ ᠬᠥᠳᠡᠭᠡ ᠲᠣᠰᠬᠤᠨ ᠤ | ᠬᠡᠷᠡᠭᠯᠡᠭᠡ ᠶᠢ ᠠᠬᠢᠭᠤᠯᠬᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ | ᠬᠦᠴᠦᠲᠡᠢ ᠲᠤᠰᠠᠯᠠᠮᠵᠢ ᠮᠥᠨ ᠭᠡᠵᠡᠢ᠃ ᠣᠶᠢᠷ᠎ᠠ ᠶᠢᠨ ᠵᠢᠯ ᠤᠳ ᠲᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠡᠳ᠋ ᠤᠨ | ᠵᠠᠰᠠᠭ ᠤᠨ ᠶᠠᠮᠤᠨ ᠵᠡᠷᠭᠡ ᠰᠠᠯᠠᠭ᠎ᠠ ᠮᠥᠴᠢᠷ ᠤᠳ ᠲᠠᠢ ᠬᠠᠮᠲᠤᠷᠠᠨ ᠡᠯᠧᠺᠳ᠋ᠷᠣᠨ ᠬᠤᠳᠠᠯᠳᠤᠭᠠᠨ ᠤ ᠶᠠᠪᠤᠳᠠᠯ ᠢ ᠬᠥᠳᠡᠭᠡ | ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠦᠯᠲᠡ ᠶᠢ ᠬᠡᠷᠡᠭᠵᠢᠭᠦᠯᠵᠦ᠂ ᠨᠡᠶᠢᠲᠡ 1489 | ᠰᠢᠶᠠᠨ ᠳᠤ ᠰᠢᠶᠠᠨ ᠤ ᠱᠠᠲᠤᠨ ᠤ ᠡᠯᠧᠺᠳ᠋ᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ | ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ 3000 ᠰᠢᠬᠠᠮ ᠪᠠᠶᠢᠭᠤᠯᠵᠤ᠂ ᠲᠣᠰᠬᠤᠨ ᠤ ᠱᠠᠲᠤᠨ ᠤ | ᠡᠯᠧᠺᠳ᠋ᠷᠣᠨ ᠬᠤᠳᠠᠯᠳᠤᠭᠠᠨ ᠤ ᠦᠢᠯᠡᠴᠢᠯᠡᠭᠡᠨ ᠤ ᠥᠷᠲᠡᠭᠡ 15.8 ᠲᠦᠮᠡ ᠶᠢ ᠳᠠᠪᠠᠵᠤ᠂ ᠰᠢᠶᠠᠨ ᠬᠥᠳᠡᠭᠡ ᠲᠣᠰᠬᠤᠨ ᠢ | ᠬᠠᠮᠤᠷᠤᠭᠰᠠᠨ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡ ᠪᠠ ᠪᠠᠷᠠᠭᠠᠨ ᠤ | ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠶᠢ ᠪᠠᠶᠢᠭᠤᠯᠪᠠ᠃ ︽ᠰᠠᠨᠠᠯ︾ ᠢ ᠳᠠᠷᠤᠮᠠᠯᠯᠠᠨ ᠲᠠᠷᠬᠠᠭᠠᠭᠰᠠᠨ ᠨᠢ | ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭ᠎ᠠ ᠶᠢ ᠬᠦᠲᠦᠯᠦᠨ ᠵᠢᠯᠣᠭᠤᠳᠴᠤ ᠪᠠᠶᠢᠭᠠᠳ ᠳ᠋ᠢᠭᠢᠲ᠋ᠠᠯᠴᠢᠯᠠᠭᠰᠠᠨ ᠲᠡᠶᠢᠰᠢ | ᠬᠡᠯᠪᠡᠷᠢ ᠪᠠᠨ ᠬᠤᠪᠢᠷᠠᠭᠤᠯᠤᠨ ᠢᠭᠲᠤᠷᠢᠭᠤᠯᠬᠤ ᠶᠢ ᠪᠡᠶᠡᠯᠡᠭᠦᠯᠬᠦ ᠳᠤ ᠠᠰᠢᠭᠲᠠᠢ᠂ ᠪᠠᠰᠠ ᠲᠠᠷᠢᠶᠠᠴᠢᠳ ᠤᠨ ᠣᠷᠣᠯᠭ᠎ᠠ ᠪᠠ | ᠬᠥᠳᠡᠭᠡ ᠲᠣᠰᠬᠤᠨ ᠤ ᠬᠡᠷᠡᠭᠯᠡᠭᠡ ᠬᠤᠣᠰ ᠳᠡᠭᠡᠭᠰᠢᠯᠡᠯᠲᠡ ᠳᠤ ᠬᠦᠴᠦᠨ ᠨᠡᠮᠡᠷᠢᠯᠡᠬᠦ ᠳᠤ ᠠᠰᠢᠭᠲᠠᠢ ᠶᠤᠮ᠃ | ︽ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭ᠎ᠠ ᠶᠢᠨ ᠬᠥᠭᠵᠢᠯᠲᠡ ᠨᠢ ᠲᠥᠷᠥ ᠶᠢᠨ ᠪᠣᠳᠣᠯᠭ᠎ᠠ ᠶᠢᠨ | ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃︾ ᠬᠤᠳᠠᠯᠳᠤᠭᠠᠨ ᠤ ᠶᠠᠪᠤᠳᠠᠯ ᠤᠨ ᠶᠠᠮᠤᠨ ᠤ ᠤᠯᠠᠨ ᠤᠯᠤᠰ ᠤᠨ | ᠠᠷᠠᠯᠵᠢᠶ᠎ᠠ ᠠᠵᠤ ᠠᠬᠤᠢ ᠶᠢᠨ ᠬᠠᠮᠲᠤᠷᠠᠯᠴᠠᠭᠠᠨ ᠤ ᠰᠤᠳᠤᠯᠭᠠᠨ ᠤ ᠬᠦᠷᠢᠶᠡᠯᠡᠩ ᠤᠨ ᠭᠦᠢᠯᠭᠡᠭᠡ ᠬᠢᠭᠡᠳ ᠬᠡᠷᠡᠭᠯᠡᠭᠡᠨ ᠤ | ᠰᠤᠳᠤᠯᠭᠠᠨ ᠤ ᠭᠠᠵᠠᠷ ᠤᠨ ᠳᠠᠷᠤᠭ᠎ᠠ ᠳ᠋ᠦᠩ ᠴᠤᠤ ᠶᠢᠨ ᠦᠵᠡᠬᠦ ᠪᠠᠷ᠂ ᠣᠶᠢᠷ᠎ᠠ ᠶᠢᠨ ᠵᠢᠯ ᠤᠳ ᠠᠴᠠ ᠨᠠᠭᠠᠰᠢ | ᠤᠯᠤᠰ ᠠᠴᠠ ᠵᠠᠯᠭᠠᠭ᠎ᠠ ᠪᠠᠷ ᠤᠯᠠᠨ ᠵᠦᠢᠯ ᠤᠨ ᠲᠦᠷᠦ ᠶᠢᠨ ᠪᠣᠳᠣᠯᠭ᠎ᠠ ᠶᠢᠨ ᠠᠷᠭ᠎ᠠ ᠪᠠᠷᠢᠯ ᠲᠣᠭᠲᠠᠭᠠᠵᠤ ᠬᠥᠳᠡᠭᠡ | ᠲᠣᠰᠬᠤᠨ ᠤ ᠭᠠᠵᠠᠷ ᠣᠷᠣᠨ ᠤ ᠰᠢᠭᠤᠳ ᠨᠡᠪᠲᠡᠷᠡᠭᠦᠯᠭᠡ ᠶᠢᠨ ᠡᠯᠧᠺᠳ᠋ᠷᠣᠨ ᠬᠤᠳᠠᠯᠳᠤᠭᠠᠨ ᠤ ᠬᠥᠭᠵᠢᠯᠲᠡ ᠶᠢ ᠠᠬᠢᠭᠤᠯᠵᠤ | ᠂ ᠪᠡᠯᠡ ᠮᠥᠩᠭᠦ᠂ ᠮᠡᠷᠭᠡᠵᠢᠯ ᠤᠷᠠᠯᠠᠯ᠂ ᠪᠡᠯᠡᠳᠬᠡᠮᠵᠢ ᠲᠥᠬᠦᠭᠡᠷᠦᠮᠵᠢ᠂ ᠮᠡᠷᠭᠡᠵᠢᠯᠲᠡᠨ ᠵᠡᠷᠭᠡ ᠤᠯᠠᠨ ᠲᠠᠯ᠎ᠠ ᠪᠠᠷ ᠪᠦᠬᠦ | ᠲᠠᠯ᠎ᠠ ᠶᠢᠨ ᠳᠡᠮᠵᠢᠯᠭᠡ ᠬᠠᠩᠭᠠᠵᠠᠢ᠃ ︽ᠲᠥᠷᠥ ᠶᠢᠨ ᠪᠣᠳᠣᠯᠭ᠎ᠠ ᠶᠢᠨ ᠠᠰᠢᠭ ᠲᠠᠰᠤᠯᠳᠠᠯ ᠦᠭᠡᠢ ᠪᠠᠶᠢᠵᠤ᠂ ᠬᠥᠳᠡᠭᠡ | ᠲᠣᠰᠬᠤᠨ ᠤ ᠡᠯᠧᠺᠳ᠋ᠷᠣᠨ ᠬᠤᠳᠠᠯᠳᠤᠭ᠎ᠠ ᠳᠤ ᠴᠤ ᠮᠠᠰᠢ ᠣᠯᠠᠨ ᠰᠢᠨ᠎ᠡ ᠣᠨᠴᠠᠯᠢᠭ ᠪᠠ ᠬᠢᠯᠠᠰ ᠴᠡᠭ ᠢᠯᠡᠷᠡᠵᠡᠢ᠂ | ᠵᠢᠱᠢᠶᠡᠯᠡᠪᠡᠯ ᠵᠡᠭᠦᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠨᠤᠭᠤᠳ ᠲᠤ ᠪᠥᠬᠦ ᠲᠠᠯ᠎ᠠ ᠪᠠᠷ ᠬᠥᠭᠵᠢᠭᠰᠡᠨ᠂ | ᠡᠯᠧᠺᠳ᠋ᠷᠣᠨ ᠬᠤᠳᠠᠯᠳᠤᠭ᠎ᠠ ᠶᠢᠨ ᠪᠣᠭᠤᠮᠢ ᠶᠢ ᠲᠠᠰᠤᠷᠠᠯᠲᠠ ᠦᠭᠡᠢ ᠰᠢᠪᠲᠤᠯᠤᠭᠰᠠᠨ᠂ ᠰᠢᠨ᠎ᠡ ᠬᠡᠯᠪᠡᠷᠢ ᠶᠢᠨ ᠡᠯᠧᠺᠳ᠋ᠷᠣᠨ | ᠬᠤᠳᠠᠯᠳᠤᠭ᠎ᠠ ᠶᠢ ᠬᠥᠳᠡᠭᠡ ᠲᠣᠰᠬᠤᠨ ᠳᠤ ᠨᠠᠶᠢᠳᠠᠪᠤᠷᠢᠵᠢᠭᠤᠯᠤᠭᠰᠠᠨ᠂ ᠨᠠᠷᠠᠲᠤ ᠲᠡᠮᠳᠡᠭᠲᠦ ᠶᠢᠨ ᠦᠢᠯᠡᠳᠦᠯ ᠢ | ᠦᠷᠭᠦᠯᠵᠢᠯᠡᠨ ᠪᠠᠳᠠᠷᠠᠭᠤᠯᠤᠭᠰᠠᠨ ᠵᠡᠷᠭᠡ ᠪᠣᠯᠣᠨ᠎ᠠ᠃︾ ᠭᠡᠵᠦ ᠳ᠋ᠦᠩ ᠴᠤᠤ ᠬᠡᠯᠡᠪᠡ᠃ | ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠲᠣᠭᠲᠠᠯᠴᠠᠭ᠎ᠠ ᠶᠢ ᠪᠦᠷᠢᠨᠰᠢᠭᠦᠯᠪᠡ | ︽ᠰᠠᠨᠠᠯ︾ ᠳᠤ᠂ 5 ᠵᠢᠯ ᠤᠨ ᠬᠤᠭᠤᠴᠠᠭ᠎ᠠ ᠶᠢ ᠬᠡᠷᠡᠭᠯᠡᠵᠦ ᠪᠠᠶᠢᠭᠠᠳ ᠪᠡᠯᠡᠳᠬᠡᠮᠵᠢ ᠨᠢ ᠪᠦᠷᠢᠨ ᠲᠡᠭᠦᠯᠳᠡᠷ᠂ | ᠭᠤᠣᠯ ᠴᠣᠭᠴᠠ ᠨᠢ ᠬᠥᠭᠵᠢᠶᠡᠨᠲᠡᠢ᠂ ᠭᠦᠢᠯᠭᠡᠭᠡ ᠨᠢ ᠤᠷᠤᠭᠰᠢᠲᠠᠢ᠂ ᠦᠢᠯᠡᠴᠢᠯᠡᠭᠡ ᠨᠢ ᠥᠨᠳᠥᠷ ᠪᠦᠲᠦᠮᠵᠢᠲᠡᠶ ᠬᠥᠳᠡᠭᠡ | ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠦᠢᠯᠡᠴᠢᠯᠡᠭᠡᠨ ᠤ ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠤᠨ᠎ᠠ | ᠭᠡᠵᠦ ᠲᠣᠳᠣᠷᠬᠠᠶᠢᠯᠠᠵᠠᠢ᠃ ᠪᠣᠳᠠᠲᠠᠢ ᠪᠠᠷ ᠶᠠᠭᠠᠬᠢᠵᠤ ᠬᠢᠬᠦ ᠪᠣᠶ︖ ᠬᠥᠳᠡᠭᠡ ᠲᠣᠰᠬᠤᠨ ᠤ ᠤᠳᠤ ᠦᠶ᠎ᠡ ᠶᠢᠨ ᠪᠠᠷᠠᠭᠠᠨ ᠤ | ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠬᠦ ᠨᠢ ᠵᠠᠩᠭᠢᠯᠠᠭ᠎ᠠ ᠪᠣᠯᠣᠨ᠎ᠠ᠃ | — ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠣᠳᠣᠬᠢᠴᠢᠯᠠᠯᠲᠠ ᠶᠢᠨ ᠲᠦᠪᠰᠢᠨ ᠢ | ᠳᠡᠭᠡᠭᠰᠢᠯᠡᠭᠦᠯᠦᠨ᠎ᠡ᠃ ︽ᠰᠠᠨᠠᠯ︾ ᠳᠤ ᠳᠤᠷᠠᠳᠤᠭᠰᠠᠨ ᠨᠢ᠂ ᠰᠢᠶᠠᠨ ᠤ ᠱᠠᠲᠤᠨ ᠤ ᠪᠠᠷᠠᠭᠠᠨ ᠤ ᠭᠦᠢᠯᠭᠡᠭᠡᠨ ᠤ | ᠲᠣᠬᠢᠷᠠᠭᠤᠯᠤᠨ ᠬᠦᠷᠭᠡᠬᠦ ᠲᠥᠪ ︵ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ︶᠂ ᠰᠢᠶᠠᠩ ᠪᠠᠯᠭᠠᠰᠤᠨ ᠤ | ᠲᠦᠷᠭᠡᠨ ᠢᠯᠡᠭᠡᠯᠲᠡ ᠶᠢᠨ ᠲᠣᠣᠷ ᠴᠡᠭ ᠤᠨ ᠳ᠋ᠢᠭᠢᠲ᠋ᠠᠯᠴᠢᠯᠠᠭᠰᠠᠨ ᠥᠭᠡᠷᠡᠴᠢᠯᠡᠯᠲᠡ ᠶᠢ ᠠᠬᠢᠭᠤᠯᠵᠤ᠂ ᠤᠶᠤᠨᠲᠦ | ᠬᠥᠮᠥᠷᠭᠡᠯᠡᠨ ᠬᠠᠳᠠᠭᠠᠯᠠᠬᠤ᠂ ᠠᠦ᠋ᠲ᠋ᠣ᠋ ᠢᠯᠭᠠᠬᠤ᠂ ᠷᠠᠳᠢᠣ᠋ ᠳᠠᠪᠲᠠᠮᠵᠢ ᠪᠠᠷ ᠢᠯᠭᠠᠨ ᠲᠠᠨᠢᠬᠤ᠂ ᠰᠢᠨ᠎ᠡ ᠡᠨᠧᠷᠭᠢ ᠶᠢᠨ | ᠲᠣᠬᠢᠷᠠᠭᠤᠯᠤᠨ ᠬᠦᠷᠭᠡᠬᠦ ᠲᠡᠷᠭᠡ ᠵᠡᠷᠭᠡ ᠪᠡᠯᠡᠳᠬᠡᠮᠵᠢ ᠶᠢ ᠲᠡᠭᠦᠯᠳᠡᠷᠵᠢᠭᠦᠯᠵᠦ᠂ ᠲᠣᠰᠬᠤᠨ ᠤ ᠱᠠᠲᠤᠨ ᠤ ᠲᠣᠬᠢᠷᠠᠭᠤᠯᠤᠨ | ᠬᠦᠷᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠮ ᠬᠠᠷᠢᠯᠴᠠᠭ᠎ᠠ ᠳᠥᠭᠦᠮ ᠳᠥᠲᠡ᠂ ᠡᠯ᠎ᠡ ᠭᠦᠢᠯᠭᠡᠭᠡᠨ ᠤ ᠭᠤᠣᠯ | ᠴᠣᠭᠴᠠ ᠶᠢᠨ ᠠᠭᠤᠰᠤᠯᠴᠠᠨ ᠬᠥᠭᠵᠢᠬᠦ ᠳᠤ ᠠᠰᠢᠭᠲᠠᠢ ᠣᠷᠣᠨ ᠪᠠᠶᠢᠷᠢ ᠳᠤ ᠰᠢᠶᠠᠨ ᠤ ᠱᠠᠲᠤᠨ ᠳᠤ ᠢᠯᠡᠭᠡᠬᠦ ᠣᠯᠠᠨ | ᠨᠡᠶᠢᠲᠡ ᠶᠢᠨ ᠲᠣᠬᠢᠷᠠᠭᠤᠯᠤᠨ ᠬᠦᠷᠭᠡᠬᠦ ᠲᠥᠪ ᠪᠠᠶᠢᠭᠤᠯᠬᠤ ᠶᠢ ᠳᠡᠮᠵᠢᠨ᠎ᠡ᠃ ᠡᠭᠦᠨ ᠤ ᠬᠠᠮᠲᠤ᠂ ᠬᠥᠳᠡᠭᠡ ᠲᠣᠰᠬᠤᠨ ᠤ | ᠠᠶᠠᠨᠴᠢᠳ ᠪᠠᠷᠠᠭ᠎ᠠ ᠰᠢᠤᠳᠠᠨ ᠠᠭᠤᠰᠤᠯᠴᠠᠭᠰᠠᠨ ᠥᠷᠲᠡᠭᠡᠨ ᠤ ᠪᠠᠶᠢᠭᠤᠯᠤᠯᠲᠠ ᠶᠢ ᠠᠬᠢᠭᠤᠯᠵᠤ᠂ ︽ᠨᠢᠭᠡ ᠥᠷᠲᠡᠭᠡ ᠳᠤ | ᠣᠯᠠᠨ ᠴᠢᠳᠠᠪᠤᠷᠢ ᠲᠠᠢ᠂ ᠨᠢᠭᠡ ᠲᠣᠣᠷ ᠲᠤ ᠣᠯᠠᠨ ᠬᠡᠷᠡᠭᠴᠡᠭᠡ ᠲᠠᠢ︾ ᠪᠠᠶᠢᠬᠤ ᠶᠢ ᠪᠡᠶᠡᠯᠡᠭᠦᠯᠦᠨ᠎ᠡ᠃ ︽ᠪᠠᠷᠠᠭᠠᠨ ᠤ | ᠭᠦᠢᠯᠭᠡᠭᠡᠨ ᠤ ᠠᠵᠤ ᠠᠬᠤᠶᠢᠯᠠᠯ ᠤᠨ ᠤᠶᠤᠨᠲᠦ ᠢᠯᠡᠭᠡᠯᠲᠡ ᠶᠢᠨ ᠬᠤᠷᠭᠤ ᠶᠢᠨ ᠪᠠᠶᠢᠷᠢᠯᠠᠭᠤᠯᠤᠯᠲᠠ ᠪᠠᠨ | ᠲᠡᠭᠦᠯᠳᠡᠷᠵᠢᠭᠦᠯᠬᠦ ᠶᠢ ᠳᠡᠮᠵᠢᠵᠦ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠳᠦᠭᠦᠮ ᠤᠨ ᠬᠡᠮᠵᠢᠶ᠎ᠡ ᠶᠢ | ᠳᠡᠭᠡᠭᠰᠢᠯᠡᠭᠦᠯᠬᠦ ᠬᠡᠷᠡᠭᠲᠡᠢ᠃︾ ᠭᠡᠵᠦ ᠳ᠋ᠦᠩ ᠴᠤᠤ ᠬᠡᠯᠡᠪᠡ᠃ | — ᠬᠥᠳᠡᠭᠡ ᠲᠣᠰᠬᠤᠨ ᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ | ᠰᠢᠨᠡᠴᠢᠯᠡᠯᠲᠡ ᠬᠥᠭᠵᠢᠯᠲᠡ ᠶᠢ ᠠᠬᠢᠭᠤᠯᠤᠨ᠎ᠠ᠃ ︽ᠰᠠᠨᠠᠯ︾ ᠳᠤ᠂ ᠰᠢᠶᠠᠨ ᠤ ᠬᠡᠪᠴᠢᠶᠡᠨ ᠤ ᠲᠣᠮᠣ ᠬᠡᠯᠪᠡᠷᠢ ᠶᠢᠨ | ᠠᠷᠠᠯᠵᠢᠶ᠎ᠠ ᠬᠤᠳᠠᠯᠳᠤᠭ᠎ᠠ ᠭᠦᠢᠯᠭᠡᠭᠡᠨ ᠤ ᠠᠵᠤ ᠠᠬᠤᠶᠢᠯᠠᠯ ᠵᠡᠷᠭᠡ ᠥᠪᠡᠰᠦᠪᠡᠨ ᠪᠠᠶᠢᠭᠤᠯᠤᠭᠰᠠᠨ ᠪᠠᠷᠠᠭᠠᠨ ᠤ ᠭᠦᠢᠯᠭᠡᠭᠡᠨ ᠤ | ᠳᠠᠪᠠᠭᠤᠯᠢᠭ ᠢ ᠪᠠᠳᠠᠷᠠᠭᠤᠯᠵᠤ᠂ ᠡᠯᠧᠺᠳ᠋ᠷᠣᠨ ᠬᠤᠳᠠᠯᠳᠤᠭᠠᠨ ᠤ ᠲᠠᠪᠴᠠᠩ ᠪᠠ ᠳᠤᠮᠳᠠ ᠵᠢᠵᠢᠭ ᠬᠤᠳᠠᠯᠳᠤᠭᠠᠨ ᠤ | ᠡᠷᠦᠬᠡ ᠳᠤ ᠬᠠᠨᠳᠤᠭᠤᠯᠤᠨ᠂ ᠭᠡᠷ ᠤᠨ ᠴᠠᠬᠢᠯᠭᠠᠨ ᠬᠡᠷᠡᠭᠰᠡᠯ᠂ ᠪᠠᠷᠢᠯᠭ᠎ᠠ ᠶᠢᠨ ᠮᠠᠲ᠋ᠧᠷᠢᠶᠠᠯ᠂ ᠲᠠᠷᠢᠶᠠᠯᠠᠩ ᠤᠨ ᠬᠡᠷᠡᠭᠰᠡᠯ᠂ | ᠲᠠᠷᠢᠶᠠᠯᠠᠩ ᠤᠨ ᠪᠦᠲᠦᠭᠡᠭᠳᠡᠬᠦᠨ ᠵᠡᠷᠭᠡ ᠭᠤᠷᠪᠠᠳᠠᠭᠢ ᠡᠲᠡᠭᠡᠳ ᠤᠨ ᠲᠣᠬᠢᠷᠠᠭᠤᠯᠤᠨ ᠬᠥᠷᠭᠡᠯᠲᠡ ᠶᠢ ᠬᠠᠩᠭᠠᠬᠤ ᠬᠡᠷᠡᠭᠲᠡᠢ᠃ | ᠡᠯᠧᠺᠳ᠋ᠷᠣᠨ ᠬᠤᠳᠠᠯᠳᠤᠭᠠᠨ ᠤ ᠲᠠᠪᠴᠠᠩ᠂ ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ | ᠠᠬᠤᠶᠢᠯᠠᠯ ᠤᠨ ᠨᠥᠬᠦᠴᠡᠯ ᠪᠦᠷᠢᠳᠦᠭᠰᠡᠨ ᠰᠢᠶᠠᠨ ᠤ ᠬᠤᠲᠠ ᠳᠤ ᠲᠡᠷᠡ ᠳᠠᠷᠤᠢ ᠳᠤ ᠨᠢ ᠵᠢᠵᠢᠭᠯᠡᠨ ᠪᠣᠷᠣᠯᠠᠭᠤᠯᠬᠤ ᠶᠢ | ᠬᠥᠭᠵᠢᠭᠦᠯᠵᠦ᠂ ᠲᠤᠬᠠᠢ ᠶᠢᠨ ᠭᠠᠵᠠᠷ ᠤᠨ ᠬᠤᠳᠠᠯᠳᠤᠭᠠᠨ ᠤ ᠬᠡᠲᠦ ᠳᠡᠯᠭᠡᠭᠦᠷ᠂ ᠲᠥᠬᠦᠮ ᠳᠡᠯᠭᠡᠭᠦᠷ ᠲᠠᠢ ᠵᠣᠯᠭᠠᠭᠤᠯᠤᠨ᠂ | ᠡᠷᠬᠢᠨ ᠲᠣᠭᠤᠷᠢᠨ ᠤ ᠵᠠᠬᠢᠶᠠᠯᠠᠭ᠎ᠠ ᠶᠢᠨ ᠬᠡᠷᠡᠭᠴᠡᠭᠡ ᠯᠦᠭᠡ ᠨᠠᠷᠢᠯᠢᠭ ᠣᠨᠣᠴᠠᠲᠠᠢ ᠪᠠᠷ ᠲᠣᠬᠢᠷᠠᠭᠤᠯᠵᠤ᠂ ᠭᠡᠷ ᠲᠤ ᠨᠢ | ᠬᠦᠷᠭᠡᠬᠦ ᠥᠨᠳᠥᠷ ᠪᠦᠲᠦᠮᠵᠢᠲᠡᠶ ᠪᠦᠭᠡᠳ ᠳᠥᠭᠦᠮ ᠳᠥᠲᠡ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ | ᠵᠢᠶᠠᠩᠰᠤ ᠮᠤᠵᠢ ᠶᠢᠨ ᠰᠢᠦ᠋ᠢᠵᠧᠦ ᠬᠤᠲᠠ ᠶᠢᠨ ᠹᠧᠩ ᠰᠢᠶᠠᠨ ᠤ ᠵᠦ ᠶᠣᠣ ᠰᠢᠨ ᠲᠣᠰᠬᠤᠨ ᠳᠤ ᠪᠠᠶᠢᠭ᠎ᠠ ᠨᠢᠭᠡᠨ | ᠳᠥᠭᠦᠮ ᠳᠡᠯᠭᠡᠭᠦᠷ ᠤᠨ ᠡᠵᠡᠨ ᠶᠠᠩ ᠠᠪᠠᠭ᠋ᠠᠢ ᠰᠤᠷᠪᠤᠯᠵᠢᠯᠠᠭᠴᠢ ᠳᠤ ᠬᠡᠯᠡᠬᠦ ᠳᠤ ᠪᠠᠨ᠂ ᠳᠡᠯᠭᠡᠭᠦᠷ ᠲᠤ ᠪᠠᠨ ᠬᠤᠳᠠᠯᠳᠤᠭ᠎ᠠ | ᠬᠢᠬᠦ ᠶᠢᠨ ᠳᠠᠭᠠᠤ ᠣᠶᠢᠷ᠎ᠠ ᠬᠠᠪᠢ ᠶᠢᠨ ᠢᠯᠡᠭᠡᠯᠲᠡ ᠶᠢᠨ ᠥᠷᠲᠡᠭᠡ ᠪᠣᠯᠵᠤ ᠪᠠᠶᠢᠨ᠎ᠠ ᠭᠡᠵᠡᠢ᠃ ︽ᠮᠠᠨ ᠤ ᠳᠡᠯᠭᠡᠭᠦᠷ | ᠭᠤᠣᠯᠳᠠᠭᠤ ᠱᠦᠨ ᠹᠧᠩ ᠬᠢᠭᠡᠳ ᠵᠢᠩ ᠳ᠋ᠦᠩ ᠤᠨ ᠢᠯᠡᠭᠡᠯᠲᠡ ᠲᠠᠢ ᠵᠣᠯᠭᠠᠯᠳᠤᠳᠠᠭ᠂ ᠣᠶᠢᠷ᠎ᠠ ᠬᠠᠪᠢ ᠶᠢᠨ ᠰᠠᠭᠤᠭᠠᠯᠢ | ᠲᠣᠭᠤᠷᠢᠭ᠂ ᠲᠣᠰᠬᠤᠨ ᠤ ᠰᠠᠭᠤᠭᠠᠯᠢ ᠢᠷᠭᠡᠨ ᠢᠯᠡᠭᠡᠯᠲᠡ ᠪᠠᠨ ᠠᠪᠬᠤ ᠳᠤ ᠴᠥᠮ ᠮᠠᠨ ᠤ ᠠᠳᠡ ᠢᠷᠡᠵᠦ | ᠳ᠋ᠤᠭᠠᠷ ᠢᠶᠠᠷ ᠢᠶᠠᠨ ᠠᠪᠬᠤ ᠪᠣᠯᠬᠤᠷ ᠳᠥᠭᠦᠮ ᠮᠥᠷᠲᠡᠭᠡᠨ ᠪᠤᠷᠤᠭᠤ ᠠᠮᠠᠷᠬᠠᠨ ᠭᠠᠷᠬᠤ ᠦᠭᠡᠢ ᠶᠤᠮ᠃︾ ᠭᠡᠵᠦ ᠶᠠᠩ | ᠠᠪᠠᠭ᠋ᠠᠢ ᠬᠡᠯᠡᠪᠡ᠃ | ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠦᠢᠯᠭᠡᠭᠡᠨ ᠤ ᠬᠥᠭᠵᠢᠭᠦᠯᠦᠯᠲᠡ ᠶᠢᠨ ᠵᠤᠷᠭᠠᠨ ᠤ ᠬᠠᠷᠢᠭᠤᠴᠠᠯᠭᠠᠲᠠᠨ | ᠢᠯᠡᠷᠬᠡᠶᠢᠯᠡᠬᠦ ᠳᠤ ᠪᠠᠨ᠂ ︽ᠰᠠᠨᠠᠯ︾ ᠨᠢ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭ᠎ᠠ ᠳᠤ ᠲᠤᠯᠭᠠᠷᠠᠵᠤ ᠪᠠᠶᠢᠭ᠎ᠠ | ᠰᠠᠭᠤᠷᠢ ᠪᠡᠯᠡᠳᠬᠡᠮᠵᠢ ᠪᠦᠷᠢᠨ ᠪᠤᠰᠤ᠂ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠬᠤᠴᠤᠷᠤᠩᠭᠤᠢ ᠪᠠᠶᠢᠬᠤ ᠵᠡᠷᠭᠡ ᠪᠣᠳᠠᠲᠠᠢ | ᠠᠰᠠᠭᠤᠳᠠᠯ ᠠᠴᠠ ᠡᠭᠦᠰᠴᠦ᠂ ᠳᠡᠭᠡᠷ᠎ᠡ ᠳᠤᠷᠠᠳᠤᠭᠰᠠᠨ ᠠᠷᠭ᠎ᠠ ᠬᠡᠮᠵᠢᠶ᠎ᠡ ᠶᠢ ᠬᠠᠨᠳᠤᠯᠭ᠎ᠠ ᠲᠠᠢ ᠪᠠᠷ ᠳᠤᠷᠠᠳᠤᠨ | ᠭᠠᠷᠭᠠᠭᠰᠠᠨ ᠨᠢ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠶᠢ ᠡᠷᠴᠢᠮᠵᠢᠭᠦᠯᠬᠦ | ᠲᠦᠪᠰᠢᠨ ᠢ ᠰᠠᠶᠢᠵᠢᠷᠠᠭᠤᠯᠬᠤ ᠳᠤ ᠠᠰᠢᠭᠲᠠᠢ ᠮᠥᠷᠲᠡᠭᠡᠨ ᠨᠠᠩ ᠴᠤ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ | ᠳᠤᠲᠠᠭᠳᠠᠯ ᠢ ᠴᠢᠷᠮᠠᠶᠢᠨ ᠨᠥᠬᠦᠪᠦᠷᠢᠯᠡᠵᠦ᠂ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠴᠢᠨᠠᠷ ᠰᠠᠶᠢᠲᠠᠢ | ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠳᠤ ᠠᠰᠢᠭᠲᠠᠢ ᠶᠤᠮ ᠭᠡᠵᠡᠢ᠃ | ᠬᠥᠳᠡᠭᠡ ᠲᠣᠰᠬᠤᠨ ᠤ ᠳ᠋ᠢᠭᠢᠲ᠋ᠠᠯᠴᠢᠯᠠᠭᠰᠠᠨ ᠬᠡᠷᠡᠭᠯᠡᠭᠡᠨ ᠤ ᠪᠠᠶᠢᠳᠠᠯ ᠢ ᠲᠦᠷᠭᠡᠳᠬᠡᠨ ᠪᠤᠶᠢᠵᠢᠭᠤᠯᠤᠨ᠎ᠠ | ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠬᠥᠭᠵᠢᠯᠲᠡ ᠳᠤ ᠨᠡᠩ ᠬᠦᠴᠦᠨ ᠨᠡᠮᠡᠷᠢᠯᠡᠬᠦ ᠶᠢᠨ ᠲᠥᠯᠥᠭᠡ᠂ | ︽ᠰᠠᠨᠠᠯ︾ ᠳᠤ ᠪᠠᠰᠠ ᠬᠥᠳᠡᠭᠡ ᠲᠣᠰᠬᠤᠨ ᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ | ᠬᠡᠯᠪᠡᠷᠢ ᠪᠠᠨ ᠬᠤᠪᠢᠷᠠᠭᠤᠯᠤᠨ ᠢᠭᠲᠤᠷᠢᠬᠤ ᠶᠢ ᠠᠬᠢᠭᠤᠯᠵᠤ᠂ ᠡᠯᠧᠺᠳ᠋ᠷᠣᠨ ᠬᠤᠳᠠᠯᠳᠤᠭ᠎ᠠ ᠬᠢᠭᠡᠳ ᠬᠥᠳᠡᠭᠡ ᠲᠣᠰᠬᠤᠨ ᠤ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠪᠥᠬᠦ ᠲᠠᠯ᠎ᠠ ᠶᠢᠨ᠂ ᠪᠥᠬᠦ ᠬᠡᠯᠬᠢᠶᠡᠨ ᠤ ᠭᠦᠨᠵᠡᠭᠡᠢ | ᠠᠭᠤᠰᠤᠯᠴᠠᠯ ᠢ ᠠᠬᠢᠭᠤᠯᠤᠨ᠎ᠠ ᠭᠡᠵᠦ ᠳᠤᠷᠠᠳᠤᠨ ᠭᠠᠷᠭᠠᠪᠠ᠃ | ︽ᠰᠠᠨᠠᠯ︾ ᠳᠤ᠂ ᠰᠢᠶᠠᠨ ᠤ ᠬᠡᠪᠴᠢᠶᠡᠨ ᠤ ᠰᠢᠭᠤᠳ ᠨᠡᠪᠲᠡᠷᠡᠭᠦᠯᠭᠡ ᠶᠢᠨ ᠡᠯᠧᠺᠳ᠋ᠷᠣᠨ ᠬᠤᠳᠠᠯᠳᠤᠭᠠᠨ ᠤ | ᠰᠠᠭᠤᠷᠢᠨ ᠭᠠᠵᠠᠷ ᠢ ᠪᠠᠶᠢᠭᠤᠯᠬᠤ ᠬᠡᠷᠡᠭᠲᠡᠢ ᠭᠡᠵᠦ ᠳᠤᠷᠠᠳᠪᠠ᠃ ᠰᠢᠭᠤᠳ ᠨᠡᠪᠲᠡᠷᠡᠭᠦᠯᠭᠡ ᠶᠢᠨ ᠡᠯᠧᠺᠳ᠋ᠷᠣᠨ | ᠬᠤᠳᠠᠯᠳᠤᠭᠠᠨ ᠤ ᠲᠠᠪᠴᠠᠩ᠂ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠶᠢ ᠲᠡᠳᠡᠨ ᠣᠷᠣᠭᠤᠯᠵᠤ᠂ ᠪᠠᠷᠠᠭ᠎ᠠ | ᠰᠤᠩᠭᠤᠵᠤ ᠳᠡᠯᠭᠡᠨ ᠦᠵᠡᠭᠦᠯᠬᠦ᠂ ᠠᠭᠤᠯᠭ᠎ᠠ ᠦᠢᠯᠡᠳᠬᠦ᠂ ᠳ᠋ᠠᠶᠢᠲ᠋ᠠ ᠵᠠᠳᠠᠯᠬᠤ᠂ ᠰᠢᠭᠤᠳ ᠨᠡᠪᠲᠡᠷᠡᠭᠦᠯᠭᠡ ᠶᠢᠨ ᠠᠬᠤᠢ | ᠲᠠᠯᠠᠪᠠᠶ ᠵᠡᠷᠭᠡ ᠪᠡᠯᠡᠳᠬᠡᠮᠵᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ᠂ ᠶᠡᠭᠡ ᠳᠡᠭᠡᠳᠦ | ᠰᠤᠷᠭᠠᠭᠤᠯᠢ ᠲᠠᠢ ᠬᠤᠯᠪᠤᠭᠠᠯᠠᠨ ᠰᠢᠭᠤᠳ ᠨᠡᠪᠲᠡᠷᠡᠭᠦᠯᠭᠡ ᠶᠢᠨ ᠪᠦᠯᠬᠦᠮ ᠨᠡᠶᠢᠲᠡ ᠶᠢᠨ ᠨᠡᠪᠴᠢᠭᠦᠯᠦᠯᠲᠡ ᠶᠢ ᠴᠢᠩᠭᠠᠳᠬᠠᠵᠤ | ᠂ ᠨᠢᠭᠡ ᠪᠦᠯᠦᠭ ᠴᠢᠳᠠᠮᠵᠢ ᠪᠠᠷ ᠪᠦᠷᠢᠨ ᠲᠡᠭᠦᠯᠳᠡᠷ᠂ ᠣᠨᠴᠠᠯᠢᠭ ᠢᠶᠠᠷ ᠲᠣᠪᠤᠶᠢᠮ᠎ᠠ᠂ ᠳᠠᠶᠢᠴᠢᠯᠠᠬᠤ ᠬᠦᠴᠦᠨ ᠢᠶᠠᠷ ᠴᠢᠩᠭ᠎ᠠ | ᠰᠢᠭᠤᠳ ᠨᠡᠪᠲᠡᠷᠡᠭᠦᠯᠭᠡ ᠶᠢᠨ ᠡᠯᠧᠺᠳ᠋ᠷᠣᠨ ᠬᠤᠳᠠᠯᠳᠤᠭᠠᠨ ᠤ ᠰᠠᠭᠤᠷᠢᠨ ᠭᠠᠵᠠᠷ ᠢ ᠪᠠᠶᠢᠭᠤᠯᠤᠨ᠎ᠠ᠃ | ︽ᠰᠠᠨᠠᠯ︾ ᠳᠤ᠂ ᠬᠥᠳᠡᠭᠡ ᠲᠣᠰᠬᠤᠨ ᠤ ᠳ᠋ᠢᠭᠢᠲ᠋ᠠᠯ ᠬᠡᠷᠡᠭᠯᠡᠭᠡᠨ ᠤ ᠠᠬᠤᠢ ᠪᠠᠶᠢᠳᠠᠯ ᠢ ᠪᠤᠶᠢᠵᠢᠭᠤᠯᠬᠤ ᠬᠡᠷᠡᠭᠲᠡᠢ | ᠭᠡᠵᠦ ᠱᠠᠭᠠᠷᠳᠠᠪᠠ᠃ 5G᠂ ᠬᠢᠮᠡᠯ ᠣᠶᠤᠨ᠂ ᠰᠦᠯᠵᠢᠶ᠎ᠡ ᠪᠠᠷ ᠲᠦᠯᠦᠬᠦ ᠵᠡᠷᠭᠡ ᠮᠡᠷᠭᠡᠵᠢᠯ ᠢ ᠶᠡᠷᠦᠩᠬᠡᠶᠢᠯᠡᠨ ᠬᠡᠷᠡᠭᠯᠡᠵᠦ᠂ | ᠨᠥᠬᠦᠴᠡᠯ ᠪᠦᠷᠢᠳᠦᠭᠰᠡᠨ ᠬᠥᠳᠡᠭᠡ ᠲᠣᠰᠬᠤᠨ ᠤ ᠬᠤᠳᠠᠯᠳᠤᠭᠠᠨ ᠤ ᠲᠣᠣᠷ ᠴᠡᠭ ᠲᠤ ᠳ᠋ᠢᠭᠢᠲ᠋ᠠᠯᠴᠢᠯᠠᠭᠰᠠᠨ ᠥᠭᠡᠷᠡᠴᠢᠯᠡᠯᠲᠡ | ᠬᠢᠵᠦ᠂ ᠣᠯᠠᠨ ᠵᠦᠢᠯ ᠤᠨ ᠬᠡᠷᠡᠭᠯᠡᠭᠡᠨ ᠤ ᠠᠬᠤᠢ ᠪᠠᠶᠢᠳᠠᠯ ᠢ ᠪᠣᠶ ᠪᠣᠯᠭᠠᠨ᠂ ᠰᠦᠯᠵᠢᠶ᠎ᠡ ᠪᠠᠷ ᠵᠠᠬᠢᠶᠠᠯᠠᠵᠤ ᠳᠡᠯᠭᠡᠭᠦᠷ ᠠᠴᠠ | ᠠᠪᠬᠤ᠂ ᠲᠦᠭᠦᠬᠡᠢ᠂ ᠰᠣᠷᠭᠤᠭ ᠢᠳᠡᠭᠡᠨ ᠢ ᠰᠢᠭᠤᠳ ᠬᠦᠷᠭᠡᠬᠦ ᠵᠡᠷᠭᠡ ᠦᠢᠯᠡᠴᠢᠯᠡᠭᠡ ᠶᠢ ᠥᠷᠨᠢᠭᠦᠯᠵᠦ᠂ ᠰᠠᠭᠤᠭᠠᠯᠢ | ᠠᠷᠠᠳ ᠤᠨ ᠬᠡᠷᠡᠭᠯᠡᠭᠡᠨ ᠤ ᠣᠶᠢᠯᠠᠭᠠᠯᠲᠠ ᠶᠢ ᠪᠠᠶᠠᠯᠢᠭᠵᠢᠭᠤᠯᠤᠨ᠎ᠠ᠃ | ︽ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭ᠎ᠠ ᠥᠷᠭᠡᠨ ᠠᠭᠤᠳᠠᠮ ᠵᠠᠬ᠎ᠠ ᠳᠡᠯᠭᠡᠭᠦᠷ ᠤᠨ ᠠᠯᠤᠰ | ᠢᠷᠡᠭᠡᠳᠦᠢ ᠲᠠᠢ ᠶᠤᠮ᠂ ᠳ᠋ᠢᠭᠢᠲ᠋ᠠᠯ ᠠᠵᠤ ᠠᠬᠤᠢ ᠶᠢᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ | ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭ᠎ᠠ ᠨᠢ ︿ᠲᠠᠷᠢᠶᠠᠴᠢᠨ᠂ ᠲᠠᠷᠢᠶᠠᠯᠠᠩ᠂ ᠬᠥᠳᠡᠭᠡ ᠲᠣᠰᠬᠤᠨ﹀ ᠤ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ | ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠵᠠᠢ᠃︾ ᠳ᠋ᠦᠩ ᠴᠤᠤ᠂ ᠬᠥᠳᠡᠭᠡ ᠲᠣᠰᠬᠤᠨ ᠤ ᠡᠯᠧᠺᠳ᠋ᠷᠣᠨ | ᠬᠤᠳᠠᠯᠳᠤᠭᠠᠨ ᠤ ᠬᠥᠭᠵᠢᠯᠲᠡ ᠶᠢ ᠳ᠋ᠢᠭᠢᠲ᠋ᠠᠯ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ︽ᠳ᠋ᠢᠭᠢᠲ᠋ᠠᠯ | ᠬᠤᠳᠠᠯᠳᠤᠭ᠎ᠠ ᠪᠠᠷ ᠲᠠᠷᠢᠶᠠᠯᠠᠩ ᠢ ᠬᠥᠭᠵᠢᠭᠦᠯᠬᠦ︾ ᠢᠨᠵᠧᠨᠧᠷᠢᠩ ᠵᠡᠷᠭᠡ ᠲᠠᠢ ᠪᠦᠲᠦᠮᠵᠢᠲᠡᠢ ᠤᠶᠠᠯᠳᠤᠭᠤᠯᠵᠤ᠂ ᠨᠢᠭᠡ | ᠴᠣᠭᠴᠠᠵᠢᠭᠤᠯᠤᠨ ᠬᠡᠷᠡᠭᠵᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠵᠤ᠂ ᠬᠥᠳᠡᠭᠡ ᠲᠣᠰᠬᠤᠨ ᠤ ᠡᠯᠧᠺᠳ᠋ᠷᠣᠨ | ᠬᠤᠳᠠᠯᠳᠤᠭᠠᠨ ᠤ ᠬᠥᠭᠵᠢᠯᠲᠡ ᠶᠢᠨ ᠬᠤᠯᠪᠣᠯᠳᠤᠬᠤ ᠴᠢᠨᠠᠷ᠂ ᠲᠣᠬᠢᠷᠠᠯᠴᠠᠬᠤ ᠴᠢᠨᠠᠷ ᠢ ᠴᠢᠩᠭᠠᠳᠬᠠᠵᠤ᠂ ᠬᠥᠳᠡᠭᠡ | ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠶᠡᠭᠡ ᠬᠥᠭᠵᠢᠯᠲᠡ ᠪᠠᠷ ᠬᠥᠳᠡᠭᠡ ᠲᠣᠰᠬᠤᠨ ᠤ ᠶᠡᠭᠡ ᠵᠠᠬ᠎ᠠ ᠳᠡᠯᠭᠡᠭᠦᠷ ᠢ | ᠬᠥᠭᠵᠢᠭᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠰᠢᠨ᠎ᠡ ᠦᠷ᠎ᠡ ᠪᠦᠲᠦᠮᠵᠢ | ᠣᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃ |