ᠰᠢᠯᠢ ᠶᠢᠨ ᠬᠤᠳᠠ᠄ ︽ᠲᠥᠬᠦᠮ ᠲᠦᠳᠠ ᠬᠢᠨᠠᠨ ᠵᠥᠪᠰᠢᠶᠡᠷᠡᠬᠦ︾᠎  ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠯᠠᠨ ᠲᠦᠮᠡᠨ ᠤ ᠦᠢᠯᠡᠴᠢᠯᠡᠭᠡ ᠪᠠᠨ ᠤᠯᠠᠮ ᠰᠢᠯᠢᠳᠡᠭᠵᠢᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2024/3/29
   ᠣᠶᠢᠷ᠎ᠠ ᠶᠢᠨ ᠵᠢᠯ ᠳᠤ᠂ ᠰᠢᠯᠢ ᠶᠢᠨ ᠬᠤᠳᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯ ᠤᠨ ᠦᠢᠯᠡᠴᠢᠯᠡᠭᠡᠨ ᠤ ᠲᠥᠪ  ᠣᠯᠠᠨ ᠲᠦᠮᠡᠨ ᠤ ᠤᠴᠢᠷ ᠶᠠᠪᠤᠳᠠᠯ ᠬᠦᠢᠴᠡᠳᠭᠡᠬᠦ ᠳᠤ ᠬᠦᠴᠢᠷ ᠳᠥᠭᠦᠮ ᠦᠭᠡᠢ ᠪᠠᠶᠢᠳᠠᠭ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠴᠠᠭ ᠢ ᠪᠠᠭᠠᠰᠬᠠᠬᠤ᠂ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠭᠦᠶᠦᠯᠲᠡ ᠶᠢ ᠪᠠᠭᠠᠰᠬᠠᠬᠤ︾ ᠳᠥᠷᠪᠡᠨ ᠵᠦᠢᠯ ᠤᠨ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠳᠠᠩᠰᠠᠯᠠᠬᠤ ᠵᠦᠢᠯᠡᠰ ᠤᠨ ︽ᠲᠤᠶᠢᠯ ᠤᠨ ᠲᠥᠬᠦᠮ ᠲᠦᠳᠠ ᠬᠢᠨᠠᠨ ᠵᠥᠪᠰᠢᠶᠡᠷᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠵᠤ᠂ ᠦᠢᠯᠡᠴᠢᠯᠡᠭᠡᠨ ᠤ ᠴᠤᠪᠤᠷᠠᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠢᠯ ᠤᠨ ᠦᠷ᠎ᠡ ᠪᠦᠲᠦᠮᠵᠢ ᠶᠢ ᠶᠡᠭᠡᠳᠠ ᠳᠡᠭᠡᠭᠰᠢᠯᠡᠭᠦᠯᠦᠨ᠂ ᠣᠯᠠᠨ ᠲᠦᠮᠡᠨ ᠪᠠ ᠠᠵᠤ ᠠᠬᠤᠶᠢᠯᠠᠯ ᠳᠤ ᠦᠨᠡᠨ ᠬᠦ ᠲᠥᠬᠦᠮ ᠮᠦᠷᠳᠡᠭᠡᠨ ᠪᠣᠳᠠᠲᠤ ᠠᠰᠢᠭ  ᠬᠦᠷᠳᠡᠭᠡᠵᠤ ᠪᠠᠶᠢᠨ᠎ᠠ᠃      ᠣᠶᠢᠷ᠎ᠠ ᠶᠢᠨ ᠡᠳᠤᠷ᠂ ᠰᠤᠷᠪᠤᠯᠵᠢᠯᠠᠭᠴᠢ  ᠰᠢᠯᠢ ᠶᠢᠨ ᠬᠤᠳᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠦᠢᠯᠡᠴᠢᠯᠡᠭᠡᠨ ᠤ ᠲᠥᠪ ᠲᠤ ᠬᠦᠷᠴᠦ᠂ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠶᠠᠪᠤᠴᠠ ᠪᠤᠯᠤᠨ ᠦᠢᠯᠡᠴᠢᠯᠡᠭᠡᠨ ᠤ ᠶᠠᠰᠤ ᠴᠢᠨᠠᠷ ᠢ ᠲᠤᠰᠬᠠᠶᠢᠯᠠᠨ ᠦᠢᠯᠠᠭᠠᠯ᠎ᠠ᠃  ᠰᠢᠯᠢ ᠶᠢᠨ ᠬᠤᠲᠠ ᠶᠢᠨ ᠠᠷᠠᠳ ᠰᠦ ᠠᠪᠠᠭ᠋ᠠᠢ ᠥᠯᠥ ᠬᠥᠳᠡᠯᠬᠦ ᠬᠥᠷᠥᠩᠭᠡ ᠶᠢᠨ ᠤᠷᠢᠳᠴᠢᠯᠠᠨ ᠮᠡᠳᠡᠭᠳᠡᠬᠦ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠡᠭᠡᠨ ᠤᠷᠢᠳ ᠢᠶᠠᠷ ᠲᠤᠰᠬᠠᠢ APP᠎ ᠢ ᠠᠰᠢᠭᠯᠠᠨ  ᠰᠦᠯᠵᠢᠶᠡᠨ ᠠᠴᠠ ᠳ᠋ᠤᠭᠠᠷ ᠠᠪᠤᠭᠰᠠᠨ ᠤ ᠲᠠᠷᠠᠭ᠎ᠠ ᠦᠢᠯᠡᠴᠢᠯᠡᠭᠡᠨ ᠤ ᠴᠤᠩᠬᠤᠪᠴᠢ ᠳᠤ ᠠᠵᠤ ᠠᠬᠤᠶᠢᠯᠠᠯ ᠤᠨ ᠬᠠᠮᠢᠶ᠎ᠠ ᠪᠦᠬᠦᠢ ᠮᠠᠲ᠋ᠧᠷᠢᠶᠠᠯ ᠢᠶᠠᠨ  ᠲᠤᠰᠢᠶᠠᠵᠤ᠂ ᠠᠵᠢᠯᠲᠠᠳ  ᠲᠤᠰᠢᠶᠠᠭᠰᠠᠨ ᠮᠠᠲ᠋ᠧᠷᠢᠶᠠᠯ ᠢ ᠨᠠᠷᠢᠨ ᠨᠢᠮᠪᠠᠢ ᠬᠢᠨᠠᠨ ᠬᠠᠷᠭᠤᠭᠤᠯᠵᠤ᠂ ᠪᠦᠬᠦᠶᠢᠯᠨ ᠶᠠᠪᠤᠴᠨ ᠨᠢ 10 ᠮᠢᠨᠦ᠋ᠲ ᠢ ᠴᠦ ᠭᠡᠷᠡᠭᠰᠡᠭᠰᠠᠨ ᠦᠭᠡᠢ ᠥᠨᠳᠥᠷ ᠪᠦᠲᠦᠮᠵᠢᠲᠡᠶ ᠳᠥᠭᠦᠮ ᠳᠥᠲᠡ ᠦᠢᠯᠡᠴᠢᠯᠡᠭᠡ ᠎ ᠨᠢ  ᠰᠦ ᠠᠪᠬᠠᠢ ᠶᠢᠨ ᠰᠡᠳᠬᠢᠯ ᠳᠤ ᠲᠤᠩ ᠬᠠᠨᠤᠮᠵᠢᠳᠠᠢ ᠪᠠᠶᠢᠯ᠎ᠠ᠃      ᠬᠡᠷᠡᠭ ᠶᠠᠪᠤᠳᠠᠯ ᠭᠦᠢᠴᠡᠳᠬᠡᠬᠦ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠥᠯᠥᠭᠡ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠦᠢᠯᠡᠴᠢᠯᠡᠭᠡᠨ ᠤ ᠲᠥᠪ ᠠᠴᠠ ᠭᠡᠷ ᠪᠠᠶᠢᠰᠢᠩ ᠭᠠᠵᠠᠷ ᠬᠥᠷᠥᠩᠭᠡ᠂ ᠭᠠᠶᠢᠯᠢ ᠶᠢᠨ ᠶᠠᠪᠤᠳᠠᠯ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠰᠠᠯᠠᠭ᠎ᠠ ᠮᠥᠴᠢᠷ ᠤᠨ ᠬᠡᠷᠡᠭ ᠶᠠᠪᠤᠳᠠᠯ ᠭᠦᠢᠴᠡᠳᠬᠡᠬᠦ  ᠴᠤᠩᠬᠤᠪᠴᠢ ᠶᠢ ᠨᠡᠶᠢᠯᠡᠭᠦᠯᠦᠭᠡᠳ ᠨᠢᠭᠡᠨ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ  ᠴᠤᠩᠬᠤᠪᠴᠢ ᠪᠣᠯᠭᠠᠵᠤ᠂ ᠰᠢᠯᠢᠳᠡᠭ ᠦᠢᠯᠡᠴᠢᠯᠡᠭᠡᠨ ᠤ ᠠᠵᠢᠯ ᠤᠨ ᠵᠠᠭᠪᠤᠷ ᠢ ᠭᠡᠷᠡᠭᠵᠢᠬᠦᠯᠦᠭᠰᠠᠨ ᠪᠠᠶᠢᠨ᠎ᠠ᠃      2023 ᠣᠨ ᠠᠴᠠ ᠨᠠᠰᠢ᠂  ᠰᠢᠯᠢ ᠶᠢᠨ ᠬᠤᠳᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠨᠢ ᠵᠠᠰᠠᠭ ᠠᠵᠤ ᠠᠬᠤᠶᠢᠯᠠᠯ ᠤᠨ ᠬᠤᠯᠪᠣᠯᠳᠤᠭᠰᠠᠨ ᠬᠥᠭᠦᠷᠭᠡ ᠪᠠᠶᠢᠭᠤᠯᠬᠤ ᠪᠠᠷ ᠤᠳᠤᠷᠢᠳᠤᠮᠵᠢ ᠪᠣᠯᠭᠠᠵᠤ᠂ ᠠᠵᠤ ᠠᠬᠤᠶᠢᠯᠠᠯ ᠤᠨ ᠪᠣᠳᠠᠲᠠᠢ ᠬᠦᠴᠢᠷᠳᠡᠯ ᠢ ᠰᠢᠢᠳᠪᠦᠷᠢᠯᠡᠬᠦ ᠪᠠᠷ ᠬᠠᠷᠠᠯᠲᠠ ᠪᠣᠯᠭᠠᠵᠤ ᠂  ᠲᠤᠰᠬᠠᠢ ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡᠨ ᠤ ᠨᠡᠷᠡᠲᠦ ᠲᠡᠮᠳᠡᠭ ᠢ ᠢᠳᠡᠪᠬᠢᠲᠡᠢ ᠪᠠᠷ ᠪᠤᠶ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠩᠬᠠᠷᠴᠤ ᠪᠠᠶᠢᠭ᠎ᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ ᠭᠦᠢᠴᠡᠳᠬᠡᠬᠦ ᠶᠠᠪᠤᠴᠠ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠭᠠᠷ ᠭᠦᠢᠴᠡᠳᠬᠡᠯ ᠵᠡᠷᠭᠡ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠨᠠᠷᠢᠨ ᠲᠣᠳᠣᠷᠬᠠᠢ ᠬᠠᠷᠢᠭᠤᠯᠲᠠ ᠥᠭᠭᠦᠭᠰᠡᠨ ᠪᠥᠭᠡᠳ ᠭᠥᠯᠢᠶᠡᠨ ᠠᠪᠴᠤ ᠰᠢᠢᠳᠪᠦᠷᠢᠯᠡᠬᠦ ᠮᠠᠲ᠋ᠧᠷᠢᠶᠠᠯ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠭᠠᠶᠢᠯᠢ ᠰᠦᠢᠳᠬᠡᠯ ᠵᠡᠷᠭᠡ ᠣᠯᠠᠨ ᠵᠦᠢᠯ ᠤᠨ ᠲᠤᠬᠠᠶᠢᠯᠠᠭᠰᠠᠨ ᠠᠵᠢᠯ ᠳᠤ ᠴᠢᠭᠯᠡᠭᠦᠯᠦᠨ ᠨᠢᠭᠡ ᠨᠢᠭᠡ ᠪᠠᠷ ᠵᠢᠭᠠᠨ ᠵᠢᠯᠤᠭᠤᠳᠴᠤ᠂ ᠨᠠᠩ ᠳᠥᠭᠦᠮ ᠳᠥᠲᠡ᠂ ᠨᠠᠩ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠭᠰᠠᠨ ᠪᠥᠭᠡᠳ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢᠨ ᠢᠯᠡᠳᠲᠡ ᠳᠡᠭᠡᠭᠰᠢᠯᠡᠯᠲᠡ ᠶᠢ ᠪᠦᠲᠦᠮᠵᠢᠲᠡᠶ ᠪᠠᠷ ᠲᠦᠯᠬᠢᠨ ᠠᠬᠢᠭᠤᠯᠤᠭᠰᠠᠨ ᠪᠠᠶᠢᠨ᠎ᠠ᠃      2023 ᠣᠨ ᠠᠴᠠ ᠣᠲᠣ ᠪᠣᠯᠲᠠᠯ᠎ᠠ᠂ ᠰᠢᠯᠢ ᠶᠢᠨ ᠬᠤᠳᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠠᠴᠠ ᠡᠯ᠎ᠡ ᠲᠥᠷᠥᠯ ᠤᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠳᠠᠩᠰᠠᠯᠠᠯᠲᠠ ᠶᠢ ᠨᠡᠶᠢᠲᠡ 73881 ᠬᠤᠪᠢ ᠭᠥᠯᠢᠶᠡᠨ ᠠᠪᠴᠤ᠂ ᠪᠥᠬᠦ ᠠᠶᠢᠮᠠᠭ ᠤᠨ ᠲᠡᠷᠢᠭᠦᠨ ᠳᠤ ᠣᠷᠣᠵᠤ᠂ ᠪᠥᠬᠦ ᠵᠢᠯ ᠳᠤ ᠪᠤᠰᠤᠳ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠠᠯᠤᠰ ᠠᠴᠠ ᠡᠵᠡᠮᠳᠠᠨ ᠭᠦᠢᠴᠡᠳᠬᠡᠬᠦ ᠪᠠᠷ ᠳᠡᠮᠵᠢᠨ 17 ᠬᠤᠪᠢ ᠶᠢ ᠬᠢᠨᠠᠨ ᠵᠥᠪᠰᠢᠶᠡᠷᠡᠭᠦᠯᠦᠭᠰᠡᠨ ᠪᠠᠶᠢᠨ᠎ᠠ᠃       ᠲᠣᠭᠤᠷ ᠣᠷᠴᠢᠭᠤᠯᠣᠨ ᠨᠠᠶᠢᠷᠠᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号