ᠪᠦᠷᠢᠨᠵᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠵᠢᠯᠤᠭᠤᠳᠪᠠ
ᠨᠡᠶᠢᠲᠡᠯᠡᠭᠰᠡᠨ ᠴᠠᠭ᠄
2024/3/29
     2 ᠰᠠᠷ᠎ᠠ ᠶᠢᠨ 5᠎ ᠤ ᠡᠳᠦᠷ᠂  ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠪᠦᠷᠢᠨᠵᠢᠨ ᠬᠤᠲᠠ ᠲᠣᠭᠤᠷᠢᠭ ᠎ ᠲᠠᠬᠢ ᠭᠡᠰᠡᠭ ᠢᠳᠡᠭᠡᠨ ᠤᠮᠳᠠᠭᠠᠨ ᠤ ᠠᠵᠤ ᠠᠬᠤᠶᠢᠯᠠᠯ᠂ ᠲᠣᠮᠣ ᠬᠡᠯᠪᠡᠷᠢ ᠶᠢᠨ ᠬᠤᠳᠠᠯᠳᠤᠭ᠎ᠠ᠂ ᠴᠢᠯᠤᠭᠡᠳᠤ ᠳᠡᠯᠭᠡᠭᠦᠷ᠂ ᠬᠤᠸᠠᠷ ᠫᠤᠤᠵᠢᠩ  ᠬᠤᠳᠠᠯᠳᠤᠬᠤ ᠠᠵᠤ ᠠᠬᠤᠶᠢᠯᠠᠯ ᠵᠡᠷᠭᠡ ᠭᠠᠵᠠᠷ ᠎ ᠢᠶᠠᠷ ᠬᠦᠷᠴᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ  ᠱᠠᠯᠠᠪᠳᠠᠭᠤᠯᠤᠨ ᠵᠢᠯᠤᠭᠤᠳᠤᠭᠰᠠᠨ ᠪᠠᠶᠢᠨ᠎ᠠ᠃      ᠪᠦᠷᠢᠨᠵᠢᠨ ᠨᠠᠷ ᠤᠷᠢᠳ ᠬᠤᠵᠢᠳ  ᠰᠢᠯᠢ ᠶᠢᠨ ᠬᠤᠳᠠ ᠶᠢᠨ ᠸᠧᠢ ᠳ᠋ᠥᠸᠧ ᠯᠢ ᠬᠤᠳᠠᠯᠳᠤᠭ᠎ᠠ᠂  ᠪᠠᠢ ᠯᠢ ᠰᠢᠲᠠᠮᠠᠬᠠᠢ ᠬᠡᠢ ᠶᠢᠨ ᠲᠣᠰᠣ ᠨᠡᠮᠡᠬᠦ ᠦᠷᠳᠡᠭᠡ ᠵᠡᠷᠭᠡ ᠭᠠᠵᠠᠷ ᠢᠶᠠᠷ ᠬᠦᠷᠴᠦ᠂   ᠭᠠᠯ ᠰᠠᠷᠭᠡᠶᠢᠯᠠᠨ ᠤᠨᠳᠠᠷᠠᠭᠠᠬᠤ ᠲᠤᠨᠤᠭ ᠲᠦᠬᠦᠭᠡᠷᠤᠮᠵᠢ᠂ ᠪᠠᠴᠢᠮ ᠪᠠᠶᠢᠳᠠᠯ ᠢ ᠠᠷᠭᠠᠴᠠᠬᠤ ᠵᠠᠮ ᠱᠤᠭᠤᠮ  ᠵᠡᠷᠭᠡ ᠪᠠᠶᠢᠳᠠᠯ ᠢ ᠨᠠᠷᠢᠨ ᠨᠢᠮᠪᠡᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠬᠥᠮᠥᠰ ᠤᠨ ᠭᠠᠯ ᠤᠨᠲᠠᠷᠠᠭᠠᠬᠤ ᠠᠮᠤᠷ ᠲᠦᠪᠰᠢᠨ ᠤ ᠦᠨᠳᠦᠰᠦᠨ ᠮᠡᠳᠡᠯᠭᠡ ᠶᠢ ᠯᠠᠪᠯᠠᠨ  ᠠᠰᠠᠭᠤᠬᠤ ᠶᠢᠨ ᠬᠠᠮᠳᠤ᠂ ᠪᠠᠶᠢᠴᠠᠭᠠᠯᠲᠠ ᠶᠢᠨ ᠳᠤᠮᠳᠠ  ᠢᠯᠡᠷᠡᠬᠦᠯᠦᠭᠰᠠᠨ ᠠᠰᠠᠭᠤᠳᠠᠯ ᠤᠨ ᠲᠠᠯᠳᠠ ᠭᠡᠮ ᠳᠤ ᠴᠢᠭᠯᠡᠭᠦᠯᠦᠨ᠂ ᠲᠤᠬᠠᠢ ᠶᠢᠨ  ᠲᠠᠯᠡᠪᠡᠢ ᠳᠤ  ᠱᠠᠭᠠᠷᠳᠠᠯᠭ᠎ᠠ ᠪᠠᠭᠤᠯᠭᠠᠵᠤ᠂ ᠴᠡᠭᠴᠡᠯᠡᠨ ᠰᠠᠶᠢᠵᠢᠷᠠᠭᠤᠯᠬᠤ ᠶᠢ  ᠱᠠᠯᠠᠪᠳᠠᠭᠤᠯᠤᠨ ᠱᠠᠭᠠᠷᠳᠠᠭᠰᠠᠨ ᠪᠠᠶᠢᠨ᠎ᠠ᠃      ᠪᠦᠷᠢᠨᠵᠢᠨ ᠴᠢᠬᠤᠯᠠᠴᠢᠯᠠᠭᠰᠠᠨ ᠨᠢ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠣᠨ ᠵᠠᠪᠰᠢᠶᠠᠨ ᠢ ᠲᠠᠯᠢᠮᠳᠠᠭᠤᠯᠬᠤ ᠰᠡᠳᠬᠢᠴᠡ ᠶᠢ ᠡᠷᠡᠰ ᠲᠡᠪᠴᠢᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠨᠢᠮᠪᠠᠢ ᠰᠠᠶᠢᠲᠤᠷ ᠠᠳᠬᠤᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠣᠷᠣᠨ ᠪᠠᠶᠢᠷᠢ᠂ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠬᠡᠷᠡᠭᠵᠢᠭᠦᠯᠬᠦ᠂ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠠᠮᠲᠤᠷᠠᠭᠰᠠᠨ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠡᠵᠡᠩᠨᠡᠯᠲᠡ ᠶᠢᠨ ᠲᠠᠯᠠᠪᠤᠷ ᠭᠠᠵᠠᠷ ᠤᠨ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠠᠵᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠂ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠬᠢᠭᠡᠳ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠦᠷᠭᠦᠯᠵᠢᠯᠡᠨ ᠴᠢᠩᠭᠠᠳᠬᠠᠵᠤ ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠦᠨᠡᠨᠬᠦ ᠠᠷᠢᠯᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠴᠠᠭᠠᠨ ᠰᠠᠷ᠎ᠠ ᠶᠢᠨ ᠬᠤᠭᠤᠴᠠᠭᠠᠨ ᠳᠠᠬᠢ ᠦᠨ᠎ᠡ ᠬᠠᠩᠰᠢ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ᠂ ᠢᠯᠴᠢ ᠬᠠᠩᠭᠠᠬᠤ ᠶᠢ ᠪᠠᠲᠤᠯᠠᠬᠤ᠂ ᠬᠤᠸᠠᠷ ᠫᠤᠤᠵᠢᠩ ᠲᠠᠯᠪᠢᠬᠤ ᠪᠠ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠷᠠᠳ ᠤᠯᠠᠨ ᠤ ᠠᠮᠤᠷ ᠠᠮᠤᠭᠤᠯᠠᠩ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ  ᠴᠠᠭᠠᠨ ᠰᠠᠷ᠎ᠠ ᠶᠢᠨ ᠪᠠᠶᠠᠷ ᠢᠶᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ  ᠭᠡᠵᠡᠢ᠃      ᠰᠢᠯᠢ ᠶᠢᠨ ᠬᠤᠳᠠ ᠶᠢᠨ ᠤᠳᠤᠷᠢᠳᠤᠯᠭ᠎ᠠ ᠶᠠᠩ ᠵᠧᠨ᠂ ᠹᠠᠨ ᠰᠢᠶᠣᠣ ᠴᠦᠨ᠂ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠠᠤᠯᠢ ᠬᠡᠷᠡᠭᠵᠢᠭᠦᠯᠬᠦ ᠠᠵᠢᠯᠲᠠᠨ ᠵᠢᠴᠢ ᠠᠶᠤᠯᠭᠦᠢ ᠦᠢᠯᠡᠳᠪᠦᠷᠢᠯᠡᠯ ᠤᠨ ᠲᠤᠰᠬᠠᠢ ᠮᠡᠷᠭᠡᠵᠢᠯᠲᠡᠨ ᠪᠠᠶᠢᠴᠠᠭᠠᠯᠲᠠ ᠳᠤ  ᠤᠷᠤᠯᠴᠠᠵᠠᠢ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号