ᠰᠢᠯᠢ ᠶᠢᠨ ᠬᠤᠳᠠ ︽ᠳᠡᠯᠡᠬᠡᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ  ᠦᠷᠨᠢᠬᠦᠯᠦᠭᠰᠠᠨ
ᠨᠡᠶᠢᠲᠡᠯᠡᠭᠰᠡᠨ ᠴᠠᠭ᠄
2024/3/4
     3 ᠰᠠᠷ᠎ᠠ ᠶᠢᠨ 3 ᠤ ᠡᠳᠦᠷ ᠪᠣᠯ ᠠᠷᠪᠠᠨ ᠨᠢᠭᠡᠳᠡᠬᠢ ︽ᠳᠡᠯᠡᠬᠡᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠳᠦᠷ︾ ᠪᠣᠯᠣᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠢᠳᠡᠪᠬᠢᠲᠡᠢ ᠭᠦᠨᠵᠡᠭᠡᠢ ᠤᠬᠠᠭᠤᠯᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 3 ᠤ ᠡᠳᠦᠷ᠂ ᠠᠶᠢᠮᠠᠭ ᠬᠤᠲᠠ ᠬᠤᠶᠠᠷ ᠱᠠᠲᠤᠨ ᠤ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠪᠠ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ   ᠰᠢᠯᠢ ᠶᠢᠨ ᠬᠤᠳᠠ ᠶᠢᠨ ᠭᠠᠵᠠᠷ ᠣᠷᠣᠨ ᠤ ︽ᠬᠡᠭᠡᠷ᠎ᠡ ᠶᠢᠨ ᠠᠮᠢᠲᠠᠨ ᠤᠷᠭᠤᠮᠠᠯ ᠤᠨ ᠣᠶᠤᠨᠴᠢ ᠬᠠᠮᠠᠭᠠᠯᠠᠯᠲᠠ ᠶᠢᠨ ᠰᠢᠰᠲ᠋ᠧᠮᠵᠢ ᠶᠢ ᠪᠠᠶᠢᠭᠤᠯᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠬᠠᠮᠲᠤᠷᠠᠨ ᠦᠷᠨᠢᠬᠦᠯᠦᠭᠰᠠᠨ ᠪᠠᠶᠢᠨ᠎ᠠ᠃      ᠠᠵᠢᠯᠯᠠᠭ᠎ᠠ ᠶᠢᠨ ᠠᠬᠤᠢ ᠲᠠᠯᠠᠪᠠᠶ᠂ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠢᠴᠢ ᠬᠡᠭᠡᠷ᠎ᠡ ᠶᠢᠨ ᠠᠮᠢᠲᠠᠨ ᠤᠷᠭᠤᠮᠠᠯ ᠤᠨ ᠭᠡᠷᠡᠯ ᠵᠢᠷᠤᠭ ᠤᠨ ᠦᠵᠡᠭᠦᠯᠦᠯᠭᠡ ᠡᠷᠭᠢᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠬᠤᠲᠠ ᠶᠢᠨ ᠠᠷᠠᠳ ᠲᠤ ᠣᠶᠢᠷ᠎ᠠ ᠶᠢᠨ ᠵᠢᠯ ᠤᠨ ᠲᠤᠷᠰᠢᠬᠢ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠲᠡᠷᠡᠴᠢᠯᠡᠨ ᠬᠡᠭᠡᠷ᠎ᠡ ᠶᠢᠨ ᠠᠮᠢᠲᠠᠨ ᠤᠷᠭᠤᠮᠠᠯ ᠤᠨ ᠲᠤᠬᠠᠢ ᠮᠡᠳᠡᠯᠭᠡ ᠶᠢ ᠲᠠᠶᠢᠯᠪᠤᠷᠢᠯᠠᠬᠤ ᠪᠠᠷ ᠳᠠᠮᠵᠢᠭᠤᠯᠤᠨ᠂ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ ᠥᠷᠭᠡᠨ ᠤᠯᠠᠨ ᠰᠠᠭᠤᠭᠠᠯᠢ ᠠᠷᠠᠳ ᠲᠤ ᠰᠠᠨᠠᠭᠠᠴᠢᠯᠠᠭ᠎ᠠ ᠭᠠᠷᠭᠠᠵᠤ᠂ ᠤᠯᠠᠨ ᠢᠶᠠᠷ ᠢᠶᠠᠨ ᠥᠪᠡᠷ ᠤᠨ ᠪᠡᠶ᠎ᠡ ᠠᠴᠠ ᠪᠠᠨ ᠡᠬᠢᠯᠡᠨ ᠬᠡᠭᠡᠷ᠎ᠡ ᠶᠢᠨ ᠠᠮᠢᠳᠠᠨ ᠤᠷᠭᠤᠮᠠᠯ ᠢ ᠬᠠᠮᠠᠭᠠᠯᠠᠬᠤ ᠠᠵᠢᠯᠯᠠᠭ᠎ᠠ ᠳᠤ ᠤᠬᠠᠮᠰᠠᠷ ᠠᠴᠠ ᠪᠠᠨ ᠣᠷᠣᠯᠴᠠᠵᠤ᠂ ᠬᠡᠭᠡᠷ᠎ᠡ ᠶᠢᠨ ᠠᠮᠢᠳᠠᠨ ᠢ ᠳᠤᠷ᠎ᠠ ᠪᠠᠷ ᠢᠶᠠᠨ ᠠᠩᠨᠠᠬᠤ ᠪᠠ ᠬᠡᠭᠡᠷ᠎ᠡ ᠶᠢᠨ ᠤᠷᠭᠤᠮᠠᠯ ᠢ ᠳᠤᠷ᠎ᠠ ᠪᠠᠷ ᠢᠶᠠᠨ ᠲᠡᠭᠦᠵᠦ ᠮᠠᠯᠲᠠᠬᠤ ᠠᠵᠢᠯᠯᠠᠭ᠎ᠠ ᠶᠢ ᠬᠤᠷᠢᠭᠯᠠᠵᠤ᠂ ᠬᠥᠮᠥᠨ ᠲᠥᠷᠥᠯᠬᠢᠲᠡᠨ ᠪᠣᠯᠣᠨ ᠬᠡᠭᠡᠷ᠎ᠡ ᠶᠢᠨ ᠠᠮᠢᠳᠠᠨ ᠤ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠰᠠᠶᠢᠨ ᠰᠠᠶᠢᠬᠠᠨ ᠭᠡᠷ ᠣᠷᠣᠨ ᠢ ᠭᠠᠷ ᠬᠤᠯᠪᠣᠨ ᠬᠠᠮᠲᠤᠪᠠᠷ ᠴᠣᠭᠴᠠᠯᠠᠬᠤ ᠶᠢ ᠬᠦᠰᠡᠨ  ᠤᠷᠢᠶᠠᠯᠠᠭᠰᠠᠨ ᠪᠠᠶᠢᠨ᠎ᠠ᠃     ᠰᠢᠯᠢ ᠶᠢᠨ ᠬᠤᠳᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠠᠮᠢᠶᠠᠷᠤᠨ ᠬᠠᠮᠠᠭᠠᠯᠠᠬᠤ ᠲᠥᠪ ᠤᠨ ᠡᠷᠬᠢᠯᠡᠭᠴᠢ ᠡᠩᠬᠡᠨᠠᠰᠤᠨ᠄ ᠪᠢᠳᠡ ᠡᠨᠡ ᠤᠳᠠᠭᠠᠨ ᠤ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠭᠤᠣᠯ ᠰᠡᠳᠦᠪᠲᠦ ᠠᠵᠢᠯᠯᠠᠭ᠎ᠠ ᠶᠢ ᠬᠠᠮᠲᠤᠷᠠᠨ ᠡᠷᠭᠢᠯᠡᠵᠦ ᠪᠠᠶᠢᠭ᠎ᠠ ᠶᠢᠨ ᠵᠣᠷᠢᠯᠭ᠎ᠠ ᠪᠣᠯ ᠳᠠᠷᠤᠢ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠵᠦ᠂  ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠴᠢᠬᠤᠯᠠ ᠴᠢᠨᠠᠷ ᠤᠨ ᠲᠤᠬᠠᠢ ᠠᠷᠠᠳ ᠨᠡᠶᠢᠲᠡ ᠶᠢᠨ ᠲᠠᠨᠢᠯᠲᠠ ᠶᠢ ᠨᠡᠮᠡᠭᠳᠡᠭᠦᠯᠬᠦ ᠶᠢᠨ ᠲᠥᠯᠥᠭᠡ ᠶᠤᠮ᠂ ᠤᠯᠠᠨ ᠢᠶᠠᠷ ᠢᠶᠠᠨ ᠢᠳᠡᠪᠬᠢᠲᠡᠢ ᠬᠥᠳᠡᠯᠦᠯᠴᠡᠵᠦ᠂ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠵᠤ᠂ ᠥᠪᠡᠷ ᠤᠨ ᠪᠤᠳᠠᠳᠤ ᠠᠵᠢᠯᠯᠠᠭ᠎ᠠ ᠪᠠᠷ ᠢᠶᠠᠨ  ᠠᠮᠢ ᠠᠬᠤᠢ ᠢ ᠬᠠᠮᠠᠭᠠᠯᠠᠵᠤ  ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤᠪᠠᠷ ᠪᠦᠲᠦᠭᠡᠨ ᠪᠠᠶᠢᠭᠤᠯᠬᠤ ᠶᠢ ᠰᠠᠨᠠᠭᠠᠴᠢᠯᠠᠵᠤ ᠪᠠᠶᠢᠨ᠎ᠠ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠬᠡᠷᠡᠯ ᠵᠢᠷᠤᠭ ᠤᠨ ᠦᠵᠡᠭᠦᠯᠦᠯᠭᠡ ᠶᠢᠨ ᠲᠣᠭᠤᠷᠢᠭ ᠲᠤ ᠤᠯᠤᠰ ᠤᠨ ᠨᠢᠭᠡᠳᠦᠭᠡᠷ ᠳᠡᠰ ᠤᠨ᠂ ᠤᠯᠤᠰ ᠤᠨ ᠬᠤᠶᠠᠳᠤᠭᠠᠷ ᠳᠡᠰ ᠤᠨ ᠭᠤᠣᠯᠳᠠᠯᠭ᠎ᠠ ᠲᠠᠢ ᠬᠡᠭᠡᠷ᠎ᠡ ᠶᠢᠨ ᠠᠮᠢᠲᠠᠨ ᠵᠢᠴᠢ ᠭᠤᠷᠪᠠᠨ ᠵᠦᠢᠯ ᠤᠨ ᠠᠮᠢᠲᠠᠨ ︵ᠰᠢᠨᠵᠢᠯᠡᠬᠦ ᠤᠬᠠᠭᠠᠨ ᠤ ᠦᠨ᠎ᠡ ᠥᠷᠲᠡᠭ ᠲᠠᠢ᠂ ᠠᠮᠢ ᠠᠬᠤᠢ ᠶᠢᠨ ᠦᠨ᠎ᠡ ᠥᠷᠲᠡᠭ ᠲᠠᠢ᠂ ᠨᠡᠶᠢᠭᠡᠮ ᠤᠨ ᠦᠨ᠎ᠡ ᠥᠷᠲᠡᠭ ᠲᠠᠢ ᠬᠡᠭᠡᠷ᠎ᠡ ᠶᠢᠨ ᠠᠮᠢᠲᠠᠨ ᠤᠷᠭᠤᠮᠠᠯ︶ ᠤ 64 ᠬᠡᠷᠡᠯ ᠵᠢᠷᠤᠭ ᠤᠨ ᠪᠦᠲᠦᠭᠡᠯ ᠢ ᠳᠡᠯᠭᠡᠨ ᠦᠵᠡᠭᠦᠯᠵᠡᠢ᠃     ᠰᠢᠯᠢ ᠶᠢᠨ ᠬᠤᠳᠠ ᠣᠷᠣᠨ ᠤ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠲᠤᠶᠢᠯ ᠤᠨ ᠡᠯᠪᠡᠭ ᠪᠠᠶᠢᠵᠤ᠂ ᠢᠯᠠᠩᠭᠤᠶ᠎ᠠ ᠣᠶᠢᠷ᠎ᠠ ᠶᠢᠨ ᠵᠢᠯ ᠤᠳ ᠲᠤ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢᠨ ᠡᠷᠴᠢᠮ ᠵᠢᠯ ᠳᠠᠷᠠᠭᠠᠯᠠᠨ ᠴᠢᠩᠭᠠᠷᠠᠬᠤ ᠶᠢ ᠳᠠᠭᠠᠯᠳᠤᠨ᠂ ᠰᠢᠯᠢ ᠶᠢᠨ ᠬᠤᠳᠠ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠬᠢᠯᠢ ᠶᠢᠨ ᠳᠣᠲᠣᠷ᠎ᠠ ᠤᠯᠤᠰ ᠤᠨ ᠲᠠᠰ ᠤᠨ ᠬᠠᠮᠠᠭᠠᠯᠠᠯᠲᠠ ᠶᠢᠨ ᠠᠮᠢᠲᠠᠨ 30 ᠵᠦᠢᠯ ᠪᠣᠶ᠂ ᠡᠭᠦᠨ ᠳᠤ ᠤᠯᠤᠰ ᠤᠨ ᠨᠢᠭᠡᠳᠦᠭᠡᠷ ᠳᠡᠰ ᠤᠨ ᠭᠤᠣᠯᠳᠠᠯᠭ᠎ᠠ ᠲᠠᠢ ᠬᠠᠮᠠᠭᠠᠯᠠᠯᠲᠠ ᠶᠢᠨ ᠠᠮᠢᠲᠠᠨ 10 ᠵᠦᠢᠯ᠂ ᠤᠯᠤᠰ ᠤᠨ ᠬᠤᠶᠠᠳᠤᠭᠠᠷ ᠳᠡᠰ ᠤᠨ ᠭᠤᠣᠯᠳᠠᠯᠭ᠎ᠠ ᠲᠠᠢ ᠬᠠᠮᠠᠭᠠᠯᠠᠯᠲᠠ ᠶᠢᠨ ᠠᠮᠢᠲᠠᠨ 20 ᠵᠦᠢᠯ ᠪᠣᠶ᠃     ᠲᠤᠰ ᠤᠳᠠᠭᠠᠨ ᠤ ᠠᠵᠢᠯᠯᠠᠭ᠎ᠠ ᠨᠢ ᠣᠯᠠᠨ  ᠲᠦᠮᠠᠨ ᠢ ᠢᠳᠡᠪᠬᠢᠳᠠᠢ ᠲᠠᠶᠢᠴᠢᠯᠠᠨ  ᠭᠡᠭᠡᠷ᠎ᠠ ᠶᠢᠨ ᠠᠮᠢᠳᠠᠨ  ᠢ ᠬᠠᠮᠠᠭᠠᠯᠠᠬᠤ ᠤᠬᠠᠭᠤᠯᠤᠭᠴᠢ ᠪᠣᠯᠵᠤ᠂ ᠪᠦᠬᠦ ᠨᠡᠶᠢᠭᠡᠮ ᠤᠨ ᠣᠯᠠᠨ ᠨᠡᠶᠢᠲᠡ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ  ᠶᠢ ᠣᠶᠢᠯᠠᠭᠠᠬᠤ ᠨᠣᠷᠮ᠎ᠠ  ᠶᠢ ᠳᠡᠭᠡᠭᠰᠢᠯᠡᠭᠦᠯᠵᠦ ᠬᠦᠴᠦᠨ ᠢᠶᠠᠨ ᠨᠢᠭᠲᠠᠷᠠᠭᠤᠯᠵᠤ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠬᠤ ᠪᠠ ᠪᠠᠳᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠪᠥᠭᠡᠳ ᠬᠡᠪ ᠤᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠣᠶ ᠪᠣᠯᠭᠠᠵᠤ᠂ ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠬᠤ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠵᠡᠷᠭᠡ ᠠᠵᠢᠯ ᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠬᠦᠴᠦᠲᠡᠢ ᠬᠠᠮᠵᠢᠯᠴᠠᠬᠤ ᠶᠢ ᠦᠨᠡᠨ ᠬᠦ ᠪᠡᠶᠡᠯᠡᠭᠦᠯᠵᠦ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠪᠥᠬᠦ ᠬᠤᠲᠠ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠬᠦᠴᠦᠲᠡᠢ ᠲᠦᠯᠬᠢᠨ ᠠᠬᠢᠭᠤᠯᠵᠤ᠂ ᠬᠥᠮᠥᠨ ᠲᠥᠷᠥᠯᠬᠢᠲᠡᠨ ᠬᠢᠭᠡᠳ ᠬᠡᠭᠡᠷ᠎ᠡ ᠶᠢᠨ ᠠᠮᠢᠲᠠᠨ ᠤ ᠡᠶ᠎ᠡ ᠵᠣᠬᠢᠴᠠᠯ ᠲᠠᠢ ᠪᠠᠷ ᠵᠡᠷᠭᠡᠴᠡᠨ ᠣᠷᠣᠰᠢᠬᠤ ᠰᠠᠶᠢᠨ ᠰᠠᠶᠢᠬᠠᠨ ᠭᠡᠷ ᠣᠷᠣᠨ ᠢ ᠬᠠᠮᠲᠤ ᠪᠠᠷ  ᠴᠤᠭᠴᠠᠯᠠᠬᠤ ᠶᠢ ᠤᠷᠢᠶᠠᠯᠠᠭᠰᠠᠨ ᠪᠠᠶᠢᠨ᠎ᠠ᠃      ᠲᠣᠭᠤᠷ ᠣᠷᠴᠢᠭᠤᠯᠣᠨ ᠨᠠᠶᠢᠷᠠᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号