ᠰᠢᠯᠢ ᠶᠢᠨ ᠬᠤᠳᠠ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠦᠷᠨᠢᠬᠦᠯᠦᠭᠰᠠᠨ
ᠨᠡᠶᠢᠲᠡᠯᠡᠭᠰᠡᠨ ᠴᠠᠭ᠄
2024/3/6
     ᠤᠶᠢᠷ᠎ᠠ ᠶᠢᠨ ᠡᠳᠤᠷ᠂ ᠰᠢᠯᠢ ᠶᠢᠨ ᠬᠤᠳᠠ ᠶᠢᠨ  ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠣᠯᠣᠨ ᠴᠤᠤ ᠵᠢᠦᠢ ᠨᠢᠳᠦᠨ ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ︽ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠳ ᠲᠤ  ᠬᠠᠶᠢᠷ᠎ᠠ ᠬᠠᠯᠠᠮᠵᠢ ᠡᠷᠬᠦᠬᠦ︾ ᠠᠵᠢᠯᠯᠠᠭ᠎ᠠ  ᠦᠷᠨᠢᠬᠦᠯᠦᠭᠰᠠᠨ ᠪᠠᠶᠢᠨ᠎ᠠ᠃      ᠲᠤᠰ ᠠᠵᠢᠯᠯᠠᠭ᠎ᠠ ᠨᠢ 2 ᠰᠠᠷ᠎ᠠ ᠶᠢᠨ 26 ᠤ ᠡᠳᠦᠷ ᠠᠴᠠ 3 ᠰᠠᠷ᠎ᠠ ᠶᠢᠨ 8 ᠤ ᠡᠳᠦᠷ ᠪᠣᠯᠲᠠᠯ᠎ᠠ ᠶᠠᠪᠤᠭᠳᠠᠵᠤ᠂ ᠭᠤᠣᠯᠳᠠᠭᠤ ᠨᠢᠳᠦᠨ ᠬᠠᠷᠠᠭᠠᠨ ᠤ ᠳᠠᠷᠤᠯᠲᠠ᠂ ᠨᠡᠶᠢᠯᠡᠮᠡᠯ ᠪᠦᠷᠬᠦᠪᠴᠢ ᠶᠢᠨ ᠡᠪᠡᠷᠯᠢᠭ ᠪᠦᠷᠬᠦᠪᠴᠢ ᠶᠢᠨ ᠦᠷᠪᠢᠰᠦᠯ᠂ ᠴᠡᠩᠬᠡᠷ ᠬᠠᠷᠠᠩ᠂ ᠴᠠᠭᠠᠨ ᠬᠠᠷᠠᠩ ᠵᠡᠷᠭᠡ ᠣᠯᠠᠨ ᠲᠥᠷᠥᠯ ᠵᠦᠢᠯ ᠢ  ᠪᠠᠶᠢᠴᠠᠭᠠᠵᠤ᠂  ᠤᠳᠤᠬᠠᠨ ᠪᠣᠯᠲᠠᠯ᠎ᠠ᠂ ᠪᠥᠬᠦ ᠬᠤᠲᠠ ᠶᠢᠨ 1600 ᠭᠠᠷᠤᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ ᠳᠤ ᠨᠢᠳᠦᠨ ᠤ ᠪᠠᠶᠢᠴᠠᠭᠠᠯᠲᠠ ᠶᠢ ᠦᠨ᠎ᠠ ᠲᠦᠯᠦᠪᠤᠷᠢ ᠦᠭᠡᠢ ᠪᠠᠷ ᠬᠢᠵᠤ ᠦᠭᠬᠦᠭᠰᠠᠨ ᠪᠠᠶᠢᠨ᠎ᠠ᠃      ᠬᠠᠮᠢᠶ᠎ᠠ ᠪᠦᠬᠦᠢ ᠬᠥᠮᠥᠰ ᠤᠨ ᠲᠠᠨᠢᠯᠴᠠᠭᠤᠯᠤᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ︽ᠬᠡᠷᠡᠯ ᠤᠨ ᠠᠶᠠᠯᠠᠯ︾ ᠤᠨ ᠲᠥᠷᠥᠯ ᠵᠦᠢᠯ ᠪᠣᠯ ᠶᠠᠳᠠᠭᠤ ᠬᠦᠴᠢᠷᠳᠡᠯᠲᠡᠢ ᠴᠠᠭᠠᠨ ᠬᠠᠷᠠᠩ ᠡᠪᠡᠳᠴᠢᠲᠡᠨ ᠳᠤ ᠵᠣᠷᠢᠭᠤᠯᠤᠭᠰᠠᠨ ᠠᠪᠤᠷᠠᠨ ᠲᠤᠰᠠᠯᠠᠬᠤ ᠲᠥᠷᠥᠯ ᠵᠦᠢᠯ ᠪᠣᠯᠣᠨ᠎ᠠ᠃ ᠰᠢᠯᠢ ᠶᠢᠨ ᠬᠤᠳᠠ ᠠᠪᠤᠷᠠᠨ ᠲᠤᠰᠠᠯᠠᠬᠤ ᠲᠥᠷᠥᠯ ᠵᠦᠢᠯ ᠢ ᠨᠠᠷᠢᠨ ᠬᠢᠨᠠᠮᠠᠭᠠᠢ ᠥᠷᠨᠢᠭᠦᠯᠵᠦ᠂ ᠴᠠᠭᠠᠨ ᠬᠠᠷᠠᠩ ᠤᠨ ᠡᠪᠡᠳᠴᠢᠲᠡᠨ ᠳᠤ ᠰᠦᠢᠳᠬᠡᠯ ᠬᠤᠷᠢᠶᠠᠬᠤ ᠦᠭᠡᠢ ᠪᠠᠷ ᠬᠠᠷᠠᠭ᠎ᠠ ᠣᠷᠣᠭᠤᠯᠬᠤ ᠮᠡᠰᠡ ᠵᠠᠰᠠᠯ ᠬᠢᠵᠦ᠂ ᠨᠠᠩ ᠣᠯᠠᠨ ᠡᠪᠡᠳᠴᠢᠲᠡᠨ ᠳᠤ ᠳᠠᠬᠢᠨ ᠡᠷᠡᠭᠦᠯ ᠮᠡᠨᠳᠦ  ᠤᠯᠭᠤᠭᠰᠠᠨ ᠪᠠᠶᠢᠨ᠎ᠠ᠃       ᠲᠣᠭᠤᠷ ᠣᠷᠴᠢᠭᠤᠯᠣᠨ ᠨᠠᠶᠢᠷᠠᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号