ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠡᠯ᠎ᠠ ᠰᠤᠷᠭᠠᠭᠤᠯᠢ ᠶᠢᠨ ᠰᠤᠷᠤᠯᠭ᠎ᠠ ᠡᠬᠢᠯᠡᠬᠦ ︽ᠠᠩᠬᠠᠨ ᠤ ᠬᠢᠴᠢᠶᠡᠯ︾  ᠪᠤᠯᠭᠠᠵᠤ ᠰᠤᠷᠤᠯᠴᠠᠭᠰᠠᠨ
ᠨᠡᠶᠢᠲᠡᠯᠡᠭᠰᠡᠨ ᠴᠠᠭ᠄
2024/3/6
     ᠰᠢᠯᠢ ᠶᠢᠨ ᠬᠤᠳᠠ ᠶᠢᠨ ᠡᠯ᠎ᠡ ᠪᠠᠭ᠎ᠠ ᠰᠤᠷᠭᠠᠭᠤᠯᠢ  ᠤᠯᠠᠨ ᠵᠦᠢᠯ ᠤᠨ ᠬᠡᠯᠪᠡᠷᠢ ᠪᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠪᠤᠯᠭᠠᠨ ᠰᠤᠷᠤᠯᠴᠠᠵᠤ᠂ ᠤᠯᠤᠰ ᠢᠶᠠᠨ ᠬᠠᠶᠢᠷᠠᠯᠠᠵᠤ ᠴᠡᠷᠢᠭ ᠢ ᠲᠡᠭᠡᠳᠤᠯᠠᠨ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ ᠤᠬᠠᠮᠰᠠᠷ ᠢ ᠰᠤᠷᠤᠭᠴᠢᠳ ᠤᠨ ᠰᠡᠳᠬᠢᠯ ᠳᠤ ᠭᠦᠨ  ᠬᠠᠳᠠᠩᠰᠢᠭᠤᠯᠵᠤ ᠪᠠᠶᠢᠨ᠎ᠠ᠃      3 ᠰᠠᠷ᠎ᠠ ᠶᠢᠨ 5 ᠤ ᠡᠳᠦᠷ᠂  ᠰᠢᠯᠢ ᠶᠢᠨ ᠬᠤᠳᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ  ᠰᠢᠯᠢ ᠶᠢᠨ ᠬᠤᠳᠠ ᠶᠢᠨ ᠶᠢᠰᠦᠳᠦᠭᠡᠷ ᠪᠠᠭ᠎ᠠ ᠰᠤᠷᠭᠠᠭᠤᠯᠢ ᠪᠣᠯᠣᠨ ᠳᠣᠯᠣᠳᠤᠭᠠᠷ ᠪᠠᠭ᠎ᠠ ᠰᠤᠷᠭᠠᠭᠤᠯᠢ ᠳᠤ ᠬᠦᠷᠴᠦ᠂ ᠰᠤᠷᠤᠭᠴᠢᠳ ᠲᠤ ᠨᠢᠭᠡᠨ ᠣᠨᠴᠠᠭᠠᠶ ᠪᠥᠭᠡᠳ ᠠᠯᠤᠰ ᠬᠡᠳᠦ ᠶᠢᠨ ᠤᠳᠬ᠎ᠠ ᠠᠭᠤᠯᠭ᠎ᠠ ᠲᠠᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠬᠢᠴᠢᠶᠡᠯ ᠢ ᠣᠷᠣᠵᠤ᠂ ᠸᠢᠳᠢᠤ᠋᠂ ᠭᠡᠷᠡᠯ ᠵᠢᠷᠤᠭ   ᠤᠨ ᠬᠡᠯᠪᠡᠷᠢ ᠪᠠᠷ ᠮᠠᠨ ᠤ ᠤᠯᠤᠰ ᠤᠨ ᠬᠦᠴᠦᠷᠬᠡᠭ ᠶᠡᠭᠡ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠴᠦᠨ ᠪᠣᠯᠣᠨ ᠴᠡᠷᠢᠭ ᠤᠨ ᠶᠠᠪᠤᠳᠠᠯ ᠤᠨ ᠪᠣᠳᠠᠲᠤ ᠬᠦᠴᠦᠨ ᠢ ᠲᠠᠶᠢᠯᠪᠤᠷᠢᠯᠠᠨ ᠶᠠᠷᠢᠵᠤ᠂ ᠪᠠᠰᠠ ᠪᠣᠳᠠᠲᠤ ᠵᠢᠱᠢᠶ᠎ᠡ ᠲᠠᠢ ᠤᠶᠠᠯᠳᠤᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠪᠣᠯᠣᠨ ᠤᠯᠤᠰ ᠤᠨ ᠠᠮᠤᠷ ᠲᠦᠪᠰᠢᠨ ᠤ ᠬᠤᠭᠤᠷᠣᠨᠳᠣᠬᠢ ᠨᠢᠭᠲᠠ ᠬᠠᠷᠢᠯᠴᠠᠭ᠎ᠠ ᠵᠢᠴᠢ ᠬᠥᠮᠥᠨ ᠨᠢᠭᠡᠪᠦᠷᠢ ᠶᠢᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤᠮᠳᠠᠬᠢ ᠬᠠᠷᠢᠭᠤᠴᠠᠯᠭ᠎ᠠ ᠪᠣᠯᠣᠨ ᠡᠭᠦᠷᠭᠡ ᠶᠢ  ᠲᠤᠳᠤᠷᠬᠠᠶᠢᠯᠠᠵᠠᠢ᠃      ᠠᠬᠤᠢ᠄ ᠰᠢᠯᠢ ᠶᠢᠨ ᠬᠤᠳᠠ ᠶᠢᠨ ᠳᠣᠯᠣᠳᠤᠭᠠᠷ ᠪᠠᠭ᠎ᠠ ᠰᠤᠷᠭᠠᠭᠤᠯᠢ ᠶᠢᠨ ᠰᠤᠷᠤᠬᠴᠢ ᠱᠠᠩ ᠰᠧ᠄ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ  ᠳᠤ ᠪᠢ  ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠪᠤᠢ ᠪᠣᠯᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠢ ᠠᠩᠬᠠᠷᠴᠤ᠂ ᠮᠠᠨ ᠤ ᠡᠬᠡ ᠤᠯᠤᠰ ᠤᠨ ᠬᠥᠭᠵᠢᠯ ᠴᠡᠴᠡᠭᠯᠡᠯ ᠪᠠ ᠬᠦᠴᠦᠷᠬᠡᠭ ᠶᠡᠭᠡ ᠰᠡᠷᠭᠦᠨ ᠮᠠᠨᠳᠤᠯᠲᠠ ᠳᠤ ᠰᠠᠶᠢᠲᠤᠷ ᠪᠡᠯᠡᠳᠬᠡᠯ  ᠬᠢᠵᠤ ᠰᠠᠶᠢᠳᠤᠷ ᠰᠤᠷᠤᠯᠴᠠᠬᠤ ᠭᠡᠷᠡᠭᠳᠡᠢ ᠭᠡᠳᠡᠭ ᠢ ᠦᠢᠯᠠᠭᠠᠵᠠᠢ᠃      ᠰᠤᠷᠤᠭᠴᠢᠳ ᠲᠤ ᠪᠠᠰᠨ ᠪᠠᠭᠠᠴᠤᠳ ᠤᠨ ᠴᠡᠷᠢᠭ ᠤᠨ ᠰᠤᠷᠭᠠᠭᠤᠯᠢ ᠶᠢᠨ ᠬᠥᠳᠡᠯᠭᠡᠭᠡᠨ ᠤ ᠲᠠᠰᠤᠭ ᠲᠤ ᠬᠦᠷᠴᠦ᠂ ᠦᠷᠡᠭᠳᠡᠭᠰᠡᠨ ᠪᠠᠭᠠᠲᠤᠷᠴᠤᠳ ᠤᠨ ᠡᠷᠡᠯᠬᠡᠭ ᠪᠠᠭᠠᠲᠤᠷᠯᠢᠭ ᠵᠣᠷᠢᠭ ᠰᠠᠨᠠᠭ᠎ᠠ ᠪᠣᠯᠣᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠦᠢᠯᠠᠭᠠᠵᠤ᠂ ᠲᠠᠶᠢᠯᠪᠤᠷᠢᠯᠠᠭᠴᠢ ᠶᠢᠨ ᠶᠠᠷᠢᠭᠰᠠᠨ ᠬᠤᠪᠢᠰᠬᠠᠯᠲᠤ ᠦᠯᠢᠬᠡᠷ ᠤᠳ ᠨᠢ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠰᠡᠳᠬᠢᠯ  ᠪᠠ ᠬᠦᠴᠦᠨ ᠴᠢᠳᠠᠯ ᠢᠶᠠᠨ  ᠡᠷᠬᠦᠬᠦ  ᠬᠦᠰᠡᠯ ᠵᠣᠷᠢᠭ ᠢ  ᠨᠢ ᠬᠥᠭᠵᠢᠭᠡᠵᠡᠢ᠃      ᠠᠬᠤᠢ  ᠄  ᠰᠢᠯᠢ ᠶᠢᠨ ᠬᠤᠳᠠ ᠶᠢᠨ ᠶᠢᠰᠦᠳᠦᠭᠡᠷ ᠪᠠᠭ᠎ᠠ ᠰᠤᠷᠭᠠᠭᠤᠯᠢ ᠶᠢᠨ ᠳᠡᠳ᠋ ᠵᠠᠬᠢᠷᠤᠯ ᠵᠠᠩ ᠹᠦ᠋᠄ ᠪᠠᠭᠠᠴᠤᠳ ᠬᠡᠦᠬᠡᠳ ᠪᠣᠯ ᠡᠬᠡ ᠤᠯᠤᠰ ᠤᠨ ᠬᠦᠰᠡᠯ ᠡᠷᠡᠮᠡᠯᠵᠡᠯ ᠪᠠ ᠢᠷᠡᠭᠡᠳᠦᠢ  ᠪᠤᠯᠤᠨ᠎ᠠ᠂ ᠪᠠᠰᠠ ᠴᠤ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠠᠭᠤᠷᠢ ᠮᠥᠨ᠂   ᠪᠢᠳᠠ  ᠰᠢᠯᠢ  ᠶᠢᠨ ᠬᠤᠳᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠢ ᠤᠷᠢᠵᠤ ᠰᠤᠷᠤᠭᠴᠢᠳ ᠲᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠲᠠᠶᠢᠯᠤᠮᠵᠢ ᠬᠢᠯᠭᠡᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠪᠠᠭᠠᠴᠤᠳ ᠬᠡᠦᠬᠡᠳ ᠤᠨ ᠰᠡᠳᠬᠢᠯ ᠳᠤ ᠰᠢᠩᠭᠡᠭᠡᠵᠦ᠂ ᠰᠤᠷᠤᠭᠴᠢᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠨᠡᠩ ᠴᠢᠩᠭᠠᠳᠬᠠᠵᠤ᠂ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠬᠥᠮᠥᠵᠢᠭᠦᠯᠵᠡᠢ᠃      ᠲᠣᠭᠤᠷ ᠣᠷᠴᠢᠭᠤᠯᠣᠨ ᠨᠠᠶᠢᠷᠠᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号