ᠰᠢᠯᠢ ᠶᠢᠨ ᠬᠤᠳᠠ ᠶᠢᠨ 2024 ᠣᠨ ᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠳᠠ ᠶᠢᠨ ᠬᠤᠭᠤᠴᠠᠭᠠᠨ ᠤ ᠪᠡᠯᠴᠢᠭᠡᠷ ᠰᠡᠷᠬᠦᠭᠡᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/3/8
     2023 ᠤᠨ ᠳᠤ ᠰᠢᠯᠢ ᠶᠢᠨ ᠬᠤᠳᠠ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠳᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠶᠢ ᠭᠡᠷᠡᠭᠵᠢᠬᠦᠯᠵᠦ᠂ ᠨᠤᠲᠤᠭ ᠪᠡᠯᠴᠢᠭᠡᠷ ᠠᠮᠢ ᠠᠬᠤᠢ ᠶᠢ ᠬᠠᠮᠠᠭᠠᠯᠠᠬᠤ᠂ ᠤᠷᠭᠤᠮᠠᠯ ᠤᠨ ᠪᠦᠷᠬᠦᠴᠡ ᠶᠢ ᠰᠡᠷᠭᠦᠭᠡᠬᠦ ᠪᠠ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠲᠠᠯ᠎ᠠ ᠪᠠᠷ ᠨᠡᠯᠢᠶᠡᠳ ᠰᠠᠶᠢᠨ ᠦᠷ᠎ᠡ ᠪᠦᠲᠦᠮᠵᠢ ᠣᠯᠵᠠᠢ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠬᠠᠮᠠᠭᠠᠯᠠᠨ ᠠᠰᠢᠭᠯᠠᠬᠤ ᠶᠢᠨ ᠲᠦᠯᠦᠭᠡ᠂ ︽ᠰᠢᠯᠢ ᠶᠢᠨ ᠭᠤᠤᠯ ᠠᠶᠢᠮᠠᠭ ᠎ ᠤᠨ 2023 — 2025 ᠣᠠ ᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠳᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠤᠨ ᠬᠡᠷᠡᠭᠵᠢᠭᠦᠯᠬᠦ ᠲᠥᠰᠦᠯ︾᠎ ᠤᠨ ᠱᠠᠭᠠᠷᠳᠠᠯᠭ᠎ᠠ ᠶᠣᠰᠣᠭᠠᠷ᠂ 2024 ᠣᠨ ᠳᠤ ᠪᠥᠬᠦ ᠬᠤᠲᠠ ᠳᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠳᠠ ᠶᠢᠨ ᠬᠤᠭᠤᠴᠠᠭᠠᠨ ᠤ ᠪᠡᠯᠴᠢᠭᠡᠷ ᠰᠡᠷᠭᠦᠭᠡᠬᠦ ᠠᠵᠢᠯ ᠢ ᠦᠷᠭᠦᠯᠵᠢᠯᠡᠨ ᠬᠡᠷᠡᠭᠵᠢᠭᠦᠯᠦᠨ᠎ᠡ᠃ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠪᠡᠯᠴᠢᠭᠡᠷ ᠰᠡᠷᠬᠦᠭᠡᠬᠦ ᠴᠠᠭ ᠬᠤᠭᠤᠴᠠᠭ᠎ᠠ2024 ᠣᠨ ᠤ 4 ᠰᠠᠷ᠎ᠠ ᠶᠢᠨ 5᠎ ᠤ ᠡᠳᠦᠷ ᠤᠨ 0᠄ 00 — 5 ᠰᠠᠷ᠎ᠠ ᠶᠢᠨ 19᠎ ᠤ ᠡᠳᠦᠷ ᠤᠨ 24᠄ 00 ᠪᠤᠯᠲᠠᠯ᠎ᠠ᠂ ᠨᠠᠶᠢᠳᠡ 45 ᠡᠳᠦᠷ᠃      ᠬᠤᠶᠠᠷ᠂ ᠪᠡᠯᠴᠢᠭᠡᠷ ᠰᠡᠷᠬᠦᠭᠡᠬᠦ ᠬᠦᠷᠢᠶ᠎ᠡ ᠬᠡᠪᠴᠢᠶ᠎ᠡ      ᠪᠦᠬᠦ ᠬᠤᠲᠠ ᠶᠢᠨ ᠭᠡᠪᠴᠢᠶᠡᠨ ᠳᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠳᠠ ᠶᠢᠨ ᠬᠤᠭᠤᠴᠠᠭᠠᠨ ᠎ ᠤ ᠪᠡᠯᠴᠢᠭᠡᠷ ᠰᠡᠷᠭᠦᠭᠡᠬᠦ ᠶᠢ ᠬᠡᠷᠡᠭᠵᠢᠭᠦᠯᠵᠦ᠂ ᠦᠬᠡᠷ᠂ ᠬᠤᠨᠢ ᠶᠢ ᠪᠦᠬᠦᠨ ᠢ ᠪᠡᠯᠴᠢᠭᠡᠷᠯᠡᠬᠦᠯᠵᠦ ᠪᠤᠯᠬᠤ ᠦᠭᠡᠢ᠃      ᠭᠤᠷᠪᠠ᠂ ᠪᠡᠯᠴᠢᠭᠡᠷ ᠰᠡᠷᠬᠦᠭᠡᠬᠦ ᠨᠦᠬᠦᠪᠦᠷᠢ ᠶᠢᠨ ᠪᠡᠷᠢᠮᠵᠢᠶ᠎ᠠ      ᠪᠡᠯᠴᠢᠭᠡᠷ ᠰᠡᠷᠭᠦᠭᠡᠬᠦ ᠶᠢ  ᠭᠡᠷᠡᠭᠵᠢᠬᠦᠯᠦᠭᠰᠡᠨ  ᠮᠠᠯᠵᠢᠬᠤ ᠡᠷᠦᠬᠡ ᠳᠤ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠭᠰᠠᠨ ᠲᠠᠯᠠᠪᠠᠢ ᠶᠢ ᠦᠨᠳᠦᠰᠦᠯᠡᠨ ᠪᠡᠯᠴᠢᠭᠡᠷ ᠰᠡᠷᠬᠦᠭᠡᠬᠦ ᠨᠥᠬᠦᠪᠥᠷᠢ ᠤᠯᠭᠤᠨ᠎ᠠ᠃ ᠪᠥᠬᠦ ᠬᠤᠲᠠ ᠶᠢᠨ 8 ᠰᠤᠮᠤ ᠪᠠᠯᠭᠠᠰᠤ ᠲᠠᠯᠠᠪᠠᠢ ᠶᠢᠨ ᠮᠠᠯ ᠪᠡᠯᠴᠢᠭᠡᠷ ᠤᠨ  ᠲᠡᠩᠴᠡᠭᠦᠷᠢ ᠶᠢ  ᠪᠠᠳᠤᠯᠠᠬᠤ ᠤᠷᠤᠨ᠂ ᠪᠡᠯᠴᠢᠭᠡᠷ  ᠰᠡᠷᠬᠦᠭᠡᠬᠦ  ᠲᠠᠯᠠᠪᠠᠶ 1879.60  ᠲᠦᠮᠡᠨ  ᠮᠦ ᠪᠠᠶᠢᠵᠦ  ᠂ ᠮᠦ  ᠪᠦᠷᠢ ᠳᠤ 1.125 ᠲᠥᠭᠦᠷᠢᠭ ᠤᠨ ᠪᠠᠷᠢᠮᠵᠢᠶ᠎ᠠ ᠎ ᠪᠠᠷ ᠤᠯᠭᠤᠨ᠎ᠠ᠃      ᠳᠦᠷᠪᠡ᠂ ᠬᠦᠳᠡᠯᠭᠡᠭᠡᠨ ᠤ ᠲᠠᠯᠠᠪᠤᠷ ᠤᠨ ᠪᠠᠷᠢᠮᠵᠢᠶ᠎ᠡ      ᠮᠠᠯᠵᠢᠬᠤ ᠡᠷᠦᠬᠡ ᠳᠤ ᠬᠢᠨᠠᠨ ᠲᠣᠭᠲᠠᠭᠠᠭᠰᠠᠨ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ ᠬᠤᠨᠢᠴᠢᠯᠠᠭᠰᠠᠨ ᠨᠢᠭᠡᠴᠢ ᠪᠦᠷᠢ ᠶᠢᠨ ᠪᠡᠯᠴᠢᠭᠡᠷ ᠰᠡᠷᠬᠦᠭᠡᠬᠦ ᠬᠤᠭᠤᠴᠠᠭᠠᠨ ᠳᠠᠬᠢ ᠬᠦᠳᠡᠯᠭᠡᠭᠡᠨ ᠎ ᠤ ᠲᠠᠯᠠᠪᠤᠷ ᠢ ᠵᠠᠷᠴᠢᠮ ᠳᠡᠭᠡᠷ᠎ᠡ ᠪᠠᠨ 20 ᠬᠠᠪᠲᠠᠭᠠᠢ ᠳᠥᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ ᠥᠬᠡᠶ᠂ ᠬᠦᠳᠡᠯᠭᠡᠭᠡᠨ ᠤ ᠲᠠᠯᠠᠪᠤᠷ ᠢ ᠬᠠᠰᠢᠶ᠎ᠠ ᠰᠠᠷᠠᠪᠴᠢ ᠶᠢᠨ ᠡᠷᠬᠢᠨ ᠲᠣᠭᠤᠷᠢᠨ ᠳᠤ ᠪᠠᠶᠢᠷᠢᠯᠠᠭᠤᠯᠬᠤ ᠶᠢᠨ ᠬᠠᠮᠲᠤ ᠲᠤᠳᠤᠷᠬᠠᠢ ᠢᠯᠡᠷᠭᠡᠢᠯᠡᠬᠦ ᠲᠡᠮᠳᠡᠭ ᠲᠠᠢ ᠪᠠᠶᠢᠯᠭᠠᠬᠤ ᠬᠡᠷᠡᠭᠲᠡᠶ᠃ ᠵᠤᠬᠢᠰᠳᠠᠢ ᠭᠡᠪᠴᠢᠶᠡᠨ ᠳᠤ ᠬᠤᠷᠠᠭ᠎ᠠ ᠬᠦᠬᠦᠭᠦᠯᠬᠦ ᠲᠠᠯᠠᠪᠤᠷ ᠪᠠᠶᠢᠷᠢᠯᠠᠭᠤᠯᠵᠦ ᠪᠤᠯᠤᠨ᠎ᠠ᠂ ᠭᠡᠬᠦ ᠳᠤ ᠪᠠᠨ ᠡᠬᠡ ᠬᠤᠨᠢ ᠪᠤᠯᠤᠨ ᠬᠤᠷᠠᠭ᠎ᠠ ᠶᠢᠨ ᠭᠡᠷᠡᠭᠯᠡᠬᠦ ᠲᠠᠯᠠᠪᠠᠢ ᠶᠢ 0.5 ᠮᠦ ᠠᠴᠠ ᠬᠡᠲᠦᠷᠡᠭᠦᠯᠬᠦ ᠥᠬᠡᠶ ᠪᠠᠶᠢᠵᠤ᠂ ᠬᠤᠷᠠᠭ᠎ᠠ ᠬᠦᠬᠦᠭᠦᠯᠬᠦ ᠴᠠᠭ ᠢ ᠴᠢᠩᠭ᠎ᠠ ᠬᠢᠵᠠᠭᠠᠷᠯᠠᠵᠤ᠂ ᠬᠤᠷᠠᠭ᠎ᠠ ᠬᠦᠬᠦᠬᠦᠯᠬᠦ ᠲᠠᠯᠠᠪᠤᠷ ᠢᠶᠠᠨ ᠢᠯᠡᠷᠬᠡᠢᠯᠡᠯ ᠤᠨ ᠫᠠᠢᠰᠠᠨ ᠳᠤ ᠪᠠᠨ ᠲᠤᠳᠤᠷᠬᠠᠢᠯᠠᠬᠤ ᠭᠡᠷᠡᠭᠳᠡᠢ᠃      ᠲᠠᠪᠤ᠂ ᠬᠤᠯᠪᠤᠭᠳᠠᠯ ᠪᠦᠬᠦᠢ ᠱᠠᠭᠠᠷᠳᠠᠯᠭ᠎ᠠ      1. ᠡᠯ᠎ᠡ ᠬᠠᠷᠢᠶᠠᠳᠤ ᠲᠤᠭᠤᠷᠢᠭ ᠨᠢ ᠳᠠᠭᠠᠭᠠᠴᠢᠯᠠᠨ ᠬᠠᠷᠢᠯᠴᠠᠵᠤ ᠠᠬᠢᠭᠤᠯᠬᠤ ᠠᠵᠢᠯ ᠤᠨ ᠳᠦᠷᠢᠮ ᠢ ᠬᠡᠷᠡᠭᠵᠢᠭᠦᠯᠵᠦ᠂ ᠪᠡᠯᠴᠢᠭᠡᠷ ᠰᠡᠷᠭᠦᠭᠡᠬᠦ ᠠᠵᠢᠯ ᠤᠨ ᠳᠠᠩᠰᠠ ᠡᠪᠬᠡᠮᠡᠯ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠦᠷᠭᠡᠨ ᠤᠯᠠᠨ ᠮᠠᠯᠴᠢᠨ ᠲᠦᠮᠡᠨ ᠦᠪᠡᠷ ᠤᠨ ᠤᠬᠠᠮᠰᠠᠷ ᠠᠴᠠ ᠪᠠᠨ ᠪᠦᠬᠦ ᠠᠢᠮᠠᠭ᠂ ᠪᠦᠬᠦ ᠬᠤᠳᠠ ᠶᠢᠨ ᠪᠡᠯᠴᠢᠭᠡᠷ ᠰᠡᠷᠭᠦᠭᠡᠬᠦ ᠳᠦᠷᠢᠮ ᠲᠤᠭᠳᠠᠭᠠᠯ ᠢ ᠰᠠᠬᠢᠵᠤ᠂ ᠰᠤᠮᠤ ᠪᠠᠯᠭᠠᠰᠤ ᠳᠠᠯᠠᠪᠠᠢ᠂ ᠭᠠᠴᠠᠭ᠎ᠠ ᠬᠤᠪᠢᠶᠠᠷᠢ ᠲᠠᠯᠠᠪᠠᠢ ᠶᠢᠨ ᠬᠢᠨᠠᠯᠳᠠ ᠬᠠᠮᠢᠶᠠᠷᠤᠯᠳᠠ ᠪᠤᠯᠤᠨ ᠰᠤᠮᠤ ᠪᠠᠯᠭᠠᠰᠤᠠ ᠤ ᠶᠡᠷᠦᠩᠭᠡᠢᠯᠡᠭᠰᠡᠨ ᠵᠠᠰᠠᠭ ᠵᠠᠬᠢᠷᠭᠠᠠ ᠤ ᠬᠠᠤᠯᠢ ᠬᠡᠷᠡᠭᠵᠢᠭᠦᠯᠬᠦ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠭᠡᠢᠯᠡᠭᠰᠡᠨ ᠵᠠᠰᠠᠭ ᠵᠠᠬᠢᠷᠭᠠᠠ ᠤ ᠬᠠᠤᠯᠢ ᠬᠡᠷᠡᠭᠵᠢᠭᠦᠯᠬᠦ ᠶᠡᠭᠡ ᠠᠩᠭᠢ ᠪᠤᠯᠤᠨ ᠤᠢ ᠰᠢᠭᠤᠢ ᠪᠠ ᠨᠤᠲᠤᠭ ᠪᠡᠯᠴᠢᠭᠡᠷ ᠤᠨ ᠰᠠᠯᠠᠭ᠎ᠠ ᠮᠦᠴᠢᠷ ᠤᠨ ᠬᠢᠨᠠᠯᠳᠠ ᠳᠠᠯᠪᠢᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃      2. ᠡᠯ᠎ᠡ ᠬᠠᠷᠢᠶᠠᠳᠤ ᠲᠤᠭᠤᠷᠢᠭ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠵᠢᠯᠤᠭᠤᠳᠤᠯᠭ᠎ᠠ ᠬᠠᠨᠭ᠍ᠭᠠᠬᠤ ᠦᠢᠯᠡᠴᠢᠯᠡᠭᠡ ᠶᠢ ᠰᠠᠢᠲᠤᠷ ᠬᠢᠬᠦ ᠬᠡᠷᠡᠭᠲᠡᠶ᠃ ᠥᠷᠭᠡᠨ ᠤᠯᠠᠨ ᠮᠠᠯᠴᠢᠨ ᠲᠦᠮᠡᠨ ᠡᠪᠡᠰᠦ ᠪᠣᠷᠳᠤᠭ᠎ᠠ ᠶᠢᠨ ᠬᠠᠳᠠᠭᠠᠯᠠᠮᠵᠢ᠂ ᠮᠠᠯ ᠤᠨ ᠬᠦᠳᠡᠯᠭᠡᠭᠡᠨ ᠤ ᠲᠠᠯᠠᠪᠤᠷ ᠢ ᠪᠠᠶᠢᠷᠢᠯᠠᠭᠤᠯᠬᠤ ᠵᠢᠴᠢ ᠬᠤᠳᠳᠤᠭ᠂ ᠤᠰᠤᠯᠠᠬᠤ ᠰᠤᠪᠠᠭ᠂ ᠲᠡᠵᠢᠭᠡᠨ ᠪᠤᠷᠳᠤᠬᠤ ᠲᠥᠬᠦᠭᠡᠷᠦᠮᠵᠢ ᠵᠡᠷᠭᠡ ᠦᠢᠯᠡᠳᠪᠦᠷᠢᠯᠡᠯ ᠤᠨ ᠪᠠᠲᠤᠯᠠᠭ᠎ᠠ ᠶᠢᠨ ᠠᠵᠢᠯ ᠢᠶᠠᠨ ᠤᠷᠢᠳᠴᠢᠯᠠᠨ ᠬᠢᠬᠦ ᠬᠡᠷᠡᠭᠲᠠᠢ᠃ ᠮᠠᠯ ᠤᠨ ᠬᠢᠵᠢᠭ ᠢ ᠰᠡᠷᠭᠡᠢᠯᠡᠬᠦ ᠠᠵᠢᠯ ᠢ ᠰᠠᠢᠲᠤᠷ ᠬᠢᠵᠦ᠂ ᠬᠢᠵᠢᠭ ᠤᠨ ᠪᠠᠶᠢᠳᠠᠯ ᠡᠭᠦᠰᠬᠦ ᠶᠢ ᠰᠡᠷᠭᠡᠢᠯᠡᠬᠦ ᠬᠡᠷᠡᠭᠲᠡᠶ᠃      3. ᠡᠯ᠎ᠡ ᠰᠤᠮᠤ ᠪᠠᠯᠭᠠᠰᠤᠠ ᠤ ᠶᠡᠷᠦᠩᠬᠡᠢᠯᠡᠭᠰᠡᠨ ᠵᠠᠰᠠᠭ ᠵᠠᠬᠢᠷᠭᠠᠠ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠢᠯᠡᠭᠰᠡᠨ ᠵᠠᠰᠠᠭ ᠵᠠᠬᠢᠷᠭᠠᠠ ᠤ ᠬᠠᠤᠯᠢ ᠬᠡᠷᠡᠭᠵᠢᠭᠦᠯᠬᠦ ᠶᠡᠭᠡ ᠠᠩᠭᠢ ᠵᠡᠷᠭᠡ ᠰᠠᠯᠠᠭ᠎ᠠ ᠮᠥᠴᠢᠷ ᠨᠢ ᠬᠠᠤᠯᠢ ᠬᠡᠷᠡᠭᠵᠢᠭᠦᠯᠬᠦ ᠬᠦᠴᠦᠯᠡᠴᠡ ᠪᠠᠨ ᠴᠢᠩᠭᠠᠷᠠᠭᠤᠯᠵᠤ᠂ ᠳᠦᠷᠢᠮ ᠲᠣᠭᠲᠠᠭᠠᠯ ᠢ ᠵᠥᠷᠢᠴᠡᠨ ᠪᠡᠯᠴᠢᠭᠡᠷᠯᠡᠭᠦᠯᠬᠦ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠨᠢ ᠵᠢᠭᠠᠨ ᠵᠢᠯᠣᠭᠤᠳᠬᠤ ᠪᠤᠯᠤᠨ ᠬᠢᠨᠠᠯᠲᠠ ᠬᠠᠮᠢᠶᠠᠷᠤᠯᠳᠠ ᠪᠠᠨ ᠴᠢᠩᠭᠠᠳᠬᠠᠬᠤ ᠬᠡᠷᠡᠭᠲᠡᠶ᠃ ᠨᠤᠲᠤᠭ ᠪᠡᠯᠴᠢᠭᠡᠷ ᠤᠨ ᠲᠤᠰᠬᠠᠶ ᠲᠤᠰᠢᠶᠠᠯᠲᠤ ᠬᠠᠮᠢᠶᠠᠷᠤᠨ ᠬᠠᠮᠠᠭᠠᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠩᠭ᠎ᠠ ᠬᠠᠮᠢᠶᠠᠷᠤᠯᠳᠠ ᠬᠢᠵᠦ᠂ ᠲᠣᠭᠲᠠᠭᠰᠠᠨ ᠬᠤᠭᠤᠴᠠᠭ᠎ᠠ ᠲᠠᠢ ᠲᠣᠭᠤᠷᠢᠨ ᠪᠠᠶᠢᠴᠠᠭᠠᠵᠤ᠂ ᠬᠢᠨᠠᠨ ᠬᠠᠮᠢᠶᠠᠷᠬᠤ ᠠᠵᠢᠯ ᠢ ᠰᠠᠢᠳᠤᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠢᠯᠡᠴᠢᠯᠡᠨ ᠮᠡᠳᠡᠭᠦᠯᠬᠦ ᠲᠦᠷᠢᠮ ᠢ ᠬᠡᠷᠡᠭᠵᠢᠭᠦᠯᠵᠦ᠂ ᠵᠠᠰᠠᠭ ᠵᠠᠬᠢᠷᠭᠠᠠ ᠤ ᠬᠠᠤᠯᠢ ᠬᠡᠷᠡᠭᠵᠢᠭᠦᠯᠤᠯᠲᠡ ᠳᠤ ᠬᠢᠨᠠᠯᠲᠠ ᠲᠠᠯᠪᠢᠬᠤ᠂ ᠬᠡᠷᠡᠭᠵᠢᠭᠦᠯᠬᠦ ᠭᠤᠤᠯ ᠴᠣᠭᠴᠠ ᠨᠢ ᠥᠪᠡᠷ ᠤᠨ ᠪᠡᠶ᠎ᠡ ᠳᠤ ᠪᠠᠨ ᠬᠢᠨᠠᠯᠲᠠ ᠲᠠᠯᠪᠢᠬᠤ᠂ ᠨᠠᠶᠢᠭᠡᠮ ᠤᠨ ᠬᠢᠨᠠᠯᠲᠠ ᠲᠠᠯᠪᠢᠬᠤ᠂ ᠣᠯᠠᠨ ᠲᠦᠮᠡᠨ ᠬᠢᠨᠠᠯᠲᠠ ᠲᠠᠯᠪᠢᠬᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠨᠠᠶᠢᠯᠡᠮᠡᠯ ᠬᠦᠴᠦᠠ ᠢ ᠪᠤᠢ ᠪᠤᠯᠭᠠᠬᠤ ᠬᠡᠷᠡᠭᠲᠠᠢ᠃ ᠦᠷᠭᠡᠨ ᠤᠯᠠᠨ ᠠᠷᠠᠳ ᠲᠦᠮᠡᠨ ᠳᠠᠯᠳᠠᠭᠤᠷ ᠪᠡᠯᠴᠢᠭᠡᠷᠯᠡᠭᠦᠯᠬᠦ ᠵᠡᠷᠭᠡ ᠳᠦᠷᠢᠮ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠪᠤᠯᠪᠠᠤ᠂ 24 ᠴᠠᠭ ᠤᠨ ᠢᠯᠡᠴᠢᠯᠡᠨ ᠮᠡᠳᠡᠭᠦᠯᠬᠦ ᠤᠲᠠᠰᠤ᠄ 8114617᠃      4. ᠠᠵᠤ ᠠᠬᠤᠢ ᠪᠤᠯᠤᠨ ᠠᠮᠢ ᠠᠬᠤᠢ ᠶᠢᠨ ᠳᠠᠩᠰᠠ ᠵᠢᠴᠢ ᠲᠦᠷ ᠴᠠᠭ ᠪᠤᠯᠤᠨ ᠣᠷᠳᠣ ᠬᠤᠭᠤᠴᠠᠭᠠᠠ ᠤ ᠠᠰᠢᠭ ᠲᠤᠰᠠ ᠶᠢᠨ ᠲᠠᠩᠰᠠ ᠶᠢ ᠭᠦᠢᠴᠡᠳ ᠲᠠᠨᠢᠵᠤ᠂ ᠦᠪᠡᠷ ᠤᠨ ᠤᠬᠠᠮᠰᠠᠷ ᠠᠴᠠ  ᠪᠠᠨ  ᠬᠠᠪᠤᠷ ᠤᠨ  ᠤᠯᠠᠷᠢᠯ  ᠎ ᠤᠨ  ᠡᠪᠡᠰᠦᠠ  ᠎ ᠤ ᠤᠷᠭᠤᠯᠳᠠ ᠶᠢᠨ ᠬᠤᠭᠤᠴᠠᠭ᠋ᠨ ᠤ ᠪᠡᠯᠴᠢᠭᠡᠷ ᠰᠡᠷᠭᠦᠭᠡᠬᠦ ᠳᠦᠷᠢᠮ ᠲᠣᠭᠲᠠᠭᠠᠯ ᠢ ᠰᠠᠬᠢᠬᠤ ᠬᠡᠷᠡᠭᠲᠡᠶ᠃      5. ᠪᠡᠯᠴᠢᠭᠡᠷ ᠰᠡᠷᠭᠦᠭᠡᠬᠦ ᠠᠵᠢᠯ ᠳᠠᠭᠤᠰᠤᠭᠰᠠᠠ ᠤ ᠲᠠᠷᠠᠭ᠎ᠠ᠂ ᠡᠯ᠎ᠡ ᠬᠠᠮᠢᠶ᠎ᠠ ᠪᠥᠬᠦᠢ ᠰᠠᠯᠠᠭ᠎ᠠ ᠮᠥᠴᠢᠷ ᠪᠠ ᠰᠤᠮᠤ ᠪᠠᠯᠭᠠᠰᠤ ᠲᠠᠯᠠᠪᠠᠢ ᠨᠢ ᠰᠢᠯᠭᠠᠨ ᠬᠤᠷᠢᠶᠠᠵᠤ᠂ ᠪᠡᠯᠴᠢᠭᠡᠷ ᠰᠡᠷᠭᠦᠭᠡᠬᠦ ᠲᠥᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠮᠠᠯᠵᠢᠬᠤ ᠡᠷᠥᠭᠡ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ︽ᠨᠢᠭᠡ ᠺᠠᠷᠲ︾ ᠎ ᠢᠶᠠᠷ ᠳᠠᠮᠵᠢᠨ ᠪᠡᠯᠴᠢᠭᠡᠷ ᠰᠡᠷᠭᠦᠭᠡᠬᠦ ᠨᠥᠬᠦᠪᠥᠷᠢ ᠣᠯᠭᠤᠨ᠎ᠠ᠃ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠥᠬᠡᠶ᠂ ᠳᠠᠯᠳᠠᠭᠤᠷ ᠮᠠᠯᠵᠢᠬᠤ ᠵᠡᠷᠭᠡ ᠦᠢᠯᠡ ᠠᠵᠢᠯᠯᠠᠭ᠎ᠠ ᠤᠷᠤᠰᠢᠵᠤ ᠪᠠᠶᠢᠭ᠎ᠠ ᠮᠠᠯᠵᠢᠬᠤ ᠡᠷᠦᠬᠡ ᠶᠢᠨ ᠪᠡᠯᠴᠢᠭᠡᠷ ᠰᠡᠷᠭᠦᠭᠡᠬᠦ ᠨᠥᠬᠦᠪᠥᠷᠢ ᠶᠢ ᠬᠠᠰᠤᠵᠤ ᠬᠠᠷᠢᠭᠤᠴᠠᠯᠭ᠎ᠠ ᠨᠡᠬᠡᠮᠵᠢᠯᠡᠨ᠎ᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号