ᠪᠦᠷᠢᠨᠵᠢᠨ ᠪᠠᠶᠠᠨᠬᠦ᠋ᠷᠢᠶ᠎ᠡ ᠶᠢᠨ ᠲᠠᠯ᠎ᠠ ᠨᠤᠲᠤᠭ ᠤᠨ ᠭᠠᠯᠲᠤ ᠠᠭᠤᠯᠠ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠭᠠᠯᠲᠤ ᠠᠭᠤᠯᠠ ᠶᠢᠨ ᠪᠠᠭᠤᠳᠠᠯ ᠵᠡᠷᠭᠡ ᠲᠥᠷᠥᠯ ᠵᠦᠢᠯ ᠤᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢ ᠰᠢᠪᠠᠳᠠᠨ ᠵᠢᠯᠤᠭᠤᠳᠴᠤ ᠠᠬᠢᠭᠤᠯᠪᠠ
ᠨᠡᠶᠢᠲᠡᠯᠡᠭᠰᠡᠨ ᠴᠠᠭ᠄
2024/3/9
   ᠪᠦᠷᠢᠨᠵᠢᠨ ᠪᠠᠶᠠᠨᠬᠦ᠋ᠷᠢᠶ᠎ᠡ ᠶᠢᠨ ᠲᠠᠯ᠎ᠠ ᠨᠤᠲᠤᠭ ᠤᠨ ᠭᠠᠯᠲᠤ ᠠᠭᠤᠯᠠ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠭᠠᠯᠲᠤ ᠠᠭᠤᠯᠠ ᠶᠢᠨ ᠪᠠᠭᠤᠳᠠᠯ ᠵᠡᠷᠭᠡ ᠲᠥᠷᠥᠯ ᠵᠦᠢᠯ ᠤᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢ ᠰᠢᠪᠠᠳᠠᠨ ᠵᠢᠯᠤᠭᠤᠳᠴᠤ ᠠᠬᠢᠭᠤᠯᠪᠠ      3 ᠰᠠᠷ᠎ᠠ ᠶᠢᠨ 7᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠪᠦᠷᠢᠨᠵᠢᠨ ᠪᠠᠶᠠᠨᠬᠦ᠋ᠷᠢᠶ᠎ᠡ ᠮᠠᠯᠵᠢᠯ ᠤᠨ ᠲᠠᠯᠠᠪᠠᠶ ᠳᠤ ᠭᠦᠨᠵᠡᠭᠡᠶᠢᠷᠡᠨ᠂ ᠪᠠᠶᠠᠨᠬᠦ᠋ᠷᠢᠶ᠎ᠡ ᠶᠢᠨ ᠲᠠᠯ᠎ᠠ ᠨᠤᠲᠤᠭ ᠤᠨ ᠭᠠᠯᠲᠤ ᠠᠭᠤᠯᠠ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠭᠠᠯᠲᠤ ᠠᠭᠤᠯᠠ ᠶᠢᠨ ᠪᠠᠭᠤᠳᠠᠯ ᠵᠡᠷᠭᠡ ᠲᠥᠷᠥᠯ ᠵᠦᠢᠯ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠠᠵᠢᠯ ᠢ ᠲᠤᠬᠠᠢ ᠶᠢᠨ ᠭᠠᠵᠠᠷ ᠲᠤᠨᠢ ᠰᠢᠪᠠᠳᠠᠨ ᠵᠢᠯᠤᠭᠤᠳᠴᠤ ᠠᠬᠢᠭᠤᠯᠪᠠ᠃      ᠪᠦᠷᠢᠨᠵᠢᠨ ᠵᠡᠷᠭᠡ ᠬᠥᠮᠥᠰ ᠵᠢᠶᠦ᠋ᠨ ᠮᠠ ᠪᠠᠯᠭᠠᠰᠤ᠂ ᠭᠠᠯᠲᠤ ᠠᠭᠤᠯᠠ ᠶᠢᠨ ᠪᠠᠭᠤᠷᠢ᠂ ᠭᠠᠯᠲᠤ ᠠᠭᠤᠯᠠ ᠶᠢᠨ ᠵᠥᠴᠦᠭᠡ ᠶᠢᠨ ᠲᠠᠯᠠᠪᠠᠢ᠂ ᠭᠠᠯᠲᠤ ᠠᠭᠤᠯᠠ ᠶᠢᠨ ᠪᠠᠭᠤᠳᠠᠯ ᠵᠢᠴᠢ ᠭᠤᠣᠯᠳᠠᠯᠭ᠎ᠠ ᠲᠠᠢ ᠦᠵᠡᠮᠵᠢ ᠵᠡᠷᠭᠡ ᠲᠥᠯᠦᠪᠵᠢᠭᠦᠯᠭᠡ ᠶᠢᠨ ᠣᠷᠣᠨ ᠪᠦᠰᠡ ᠶᠢᠨ ᠡᠷᠬᠢᠨ ᠲᠣᠭᠤᠷᠢᠨ ᠪᠠ ᠵᠠᠮ ᠳᠠᠭᠠᠤ ᠶᠢᠨ ᠣᠷᠴᠢᠨ ᠲᠣᠭᠤᠷᠢᠨ ᠢ ᠪᠠᠶᠢᠴᠠᠭᠠᠨ ᠦᠵᠡᠵᠦ᠂ ᠪᠡᠯᠡ ᠣᠷᠣᠭᠤᠯᠤᠭᠰᠠᠨ ᠠᠵᠤ ᠠᠬᠤᠶᠢᠯᠠᠯ᠂ ᠵᠢᠷᠤᠭ ᠲᠥᠯᠥᠪᠯᠡᠭᠡ ᠶᠢᠨ ᠨᠢᠭᠡᠴᠡ ᠲᠠᠢ ᠪᠠᠷᠢᠯᠭ᠎ᠠ ᠶᠢᠨ ᠠᠵᠢᠯ ᠤᠨ ᠴᠠᠭ᠂ ᠴᠢᠳᠠᠪᠬᠢ ᠶᠢᠨ ᠪᠠᠶᠢᠷᠢᠰᠢᠭᠤᠯᠤᠯᠲᠠ᠂ ᠢᠵᠢ ᠪᠦᠷᠢᠳᠦᠭᠰᠡᠨ ᠲᠥᠬᠦᠭᠡᠷᠦᠮᠵᠢ ᠵᠡᠷᠭᠡ ᠪᠣᠳᠠᠲᠠᠢ ᠨᠠᠷᠢᠨ ᠵᠦᠢᠯᠡᠰ ᠢ ᠴᠢᠨᠠᠭᠰᠢᠳᠠ ᠲᠣᠭᠲᠠᠭᠠᠵᠤ᠂ ᠲᠤᠬᠠᠢ ᠶᠢᠨ ᠲᠠᠯᠠᠪᠠᠢ ᠳᠤ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠪᠠᠶᠠᠨᠬᠦ᠋ᠷᠢᠶ᠎ᠡ ᠲᠠᠯ᠎ᠠ ᠨᠤᠲᠤᠭ ᠤᠨ ᠭᠠᠯᠲᠤ ᠠᠭᠤᠯᠠ ᠶᠢᠨ ᠵᠤᠭᠠᠴᠠᠯ ᠤᠨ ᠦᠵᠡᠮᠵᠢ ᠶᠢᠨ ᠣᠷᠣᠨ᠂ ᠭᠠᠯᠲᠤ ᠠᠭᠤᠯᠠ ᠶᠢᠨ ᠪᠠᠭᠤᠳᠠᠯ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠣᠯ ᠰᠢᠯᠢ ᠶᠢᠨ ᠬᠤᠲᠠ ᠶᠢᠨ ᠵᠤᠭᠠᠴᠠᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠵᠤᠭᠠᠴᠠᠯ ᠤᠨ ᠠᠵᠤ ᠦᠢᠯᠡᠰ ᠤᠨ ᠲᠡᠰ ᠳᠠᠪᠬᠤᠷᠭ᠎ᠠ ᠶᠢ ᠳᠡᠭᠡᠭᠰᠢᠯᠡᠭᠦᠯᠬᠦ᠂ ᠴᠢᠨᠠᠷ ᠰᠠᠶᠢᠲᠠᠢ ᠵᠤᠭᠠᠴᠠᠯ ᠤᠨ ᠬᠠᠷᠠᠯᠲᠠᠲᠤ ᠣᠷᠣᠨ ᠢ ᠲᠦᠷᠭᠡᠨ ᠪᠦᠲᠦᠭᠡᠨ ᠪᠠᠶᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠂ ᠵᠤᠭᠠᠴᠠᠯ ᠤᠨ ᠡᠬᠢ ᠪᠠᠶᠠᠯᠢᠭ ᠢ ᠬᠤᠯᠪᠤᠭᠠᠯᠠᠨ ᠨᠡᠭᠡᠭᠡᠨ ᠬᠥᠭᠵᠢᠭᠦᠯᠬᠦ᠂ ᠰᠣᠶᠣᠯ ᠵᠤᠭᠠᠴᠠᠯ ᠤᠨ ᠬᠡᠷᠡᠭᠯᠡᠭᠡᠨ ᠤ ᠠᠮᠢᠵᠢᠷᠠᠯ ᠤᠨ ᠬᠦᠴᠦᠨ ᠤ ᠦᠷ᠎ᠡ ᠠᠰᠢᠭ ᠢ ᠬᠥᠭᠵᠢᠭᠡᠬᠦ᠂ ᠤᠯᠠᠨ ᠲᠦᠮᠡᠨ ᠤ ᠣᠷᠣᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠬᠦ ᠶᠢ ᠠᠬᠢᠭᠤᠯᠬᠤ ᠴᠢᠬᠤᠯᠠ ᠭᠠᠷᠳᠠᠴᠠ ᠪᠣᠯᠣᠨ᠎ᠠ ᠭᠡᠵᠦ ᠴᠢᠬᠤᠯᠠᠴᠢᠯᠠᠪᠠ᠃ ᠥᠨᠳᠥᠷ ᠡᠬᠢᠯᠡᠯᠲᠡ ᠲᠠᠢ ᠪᠠᠷ ᠲᠥᠯᠥᠪᠵᠢᠭᠦᠯᠵᠦ᠂ ᠥᠨᠳᠥᠷ ᠲᠦᠪᠰᠢᠨ ᠢᠶᠠᠷ ᠵᠢᠷᠤᠵᠤ ᠲᠥᠯᠥᠪᠯᠡᠭᠰᠡᠨ ᠰᠠᠭᠤᠷᠢᠨ ᠳᠡᠭᠡᠷ᠎ᠡ᠂ ᠨᠡᠩ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ ᠬᠢᠷᠢ ᠲᠦᠪᠰᠢᠨ ᠢ ᠪᠠᠲᠤ ᠰᠠᠬᠢᠵᠤ᠂ ᠬᠤᠯᠠ ᠣᠶᠢᠷ᠎ᠠ ᠶᠢ ᠤᠶᠠᠯᠳᠤᠭᠤᠯᠬᠤ᠂ ᠰᠠᠶᠢᠨ  ᠲᠠᠯ᠎ᠠ ᠪᠠ ᠲᠣᠳᠠᠭᠤᠳᠠᠯ ᠢ ᠤᠶᠠᠯᠳᠤᠭᠤᠯᠬᠤ᠂ ᠴᠡᠭ ᠪᠠ ᠨᠡᠶᠢᠳᠡᠮ ᠢ ᠤᠶᠠᠯᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠪᠦᠬᠦᠯᠢ ᠴᠣᠭᠴᠠ ᠶᠢᠨ ᠲᠥᠯᠦᠪᠵᠢᠭᠦᠯᠭᠡ ᠶᠢ ᠰᠠᠶᠢᠲᠤᠷ ᠬᠢᠵᠦ᠂ ︽ᠬᠤᠸᠠᠷ ᠬᠠᠳᠬᠤᠬᠤ︾ ᠡᠷᠳᠡᠮ ᠢᠶᠠᠷ ᠦᠵᠡᠮᠵᠢ ᠶᠢᠨ ᠣᠷᠣᠨ᠂ ᠦᠵᠡᠮᠵᠢ ᠶᠢᠨ ᠴᠡᠭ ᠢ ᠡᠮᠬᠢᠯᠡᠨ ᠨᠡᠶᠢᠯᠡᠭᠦᠯᠵᠦ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠡᠷᠬᠢᠨ ᠲᠣᠭᠤᠷᠢᠨ ᠤ ᠣᠷᠴᠢᠨ ᠲᠣᠭᠤᠷᠢᠨ ᠢ ᠳᠡᠭᠡᠭᠰᠢᠯᠡᠭᠦᠯᠬᠦ᠂ ᠢᠵᠢ ᠪᠦᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠬᠦ᠂ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠠᠷᠬᠠᠯᠲᠠ ᠵᠡᠷᠭᠡ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠤᠬᠠᠭᠤᠯᠤᠨ ᠳᠡᠯᠭᠡᠷᠡᠭᠦᠯᠬᠦ ᠪᠠ ᠨᠠᠷᠠᠲᠤ ᠲᠥᠷᠥᠯ ᠲᠡᠮᠳᠡᠭᠲᠦ ᠶᠢ ᠡᠭᠦᠳᠬᠦ ᠶᠢ ᠴᠢᠩᠭᠠᠳᠬᠠᠨ᠂ ᠥᠪᠡᠷᠮᠢᠴᠡ ᠣᠨᠴᠠᠯᠢᠭ  ᠪᠠ ᠣᠷᠳᠣ ᠬᠤᠭᠤᠴᠠᠭᠠᠨ ᠤ ᠲᠠᠲᠠᠬᠤ ᠬᠦᠴᠦᠨ ᠲᠠᠢ ᠰᠣᠶᠣᠯ ᠵᠢᠭᠤᠯᠴᠢᠯᠠᠯ ᠤᠨ ᠰᠣᠳᠣᠨ ᠪᠦᠲᠦᠭᠡᠯ ᠢ ᠨᠠᠷᠢᠯᠢᠭ ᠰᠡᠳᠦᠬᠦ ᠬᠡᠷᠡᠭᠲᠡᠢ᠃ ︽ᠬᠠᠪᠤᠷ ᠠᠵᠢᠯ ᠡᠬᠢᠯᠡᠭᠦᠯᠵᠦ᠂ ᠡᠷᠴᠢᠮ ᠲᠠᠢ ᠰᠢᠪᠳᠣᠯᠣᠯᠲᠠ︾ ᠬᠢᠵᠦ᠂ ᠬᠠᠷᠠᠯᠲᠠ ᠪᠠᠨ ᠲᠣᠭᠲᠠᠭᠠᠵᠤ᠂ ᠪᠠᠷᠢᠯᠭ᠎ᠠ ᠶᠢᠨ ᠬᠤᠭᠤᠴᠠᠭ᠎ᠠ ᠪᠠᠨ ᠲᠣᠬᠢᠷᠠᠭᠤᠯᠣᠨ ᠪᠠᠶᠢᠷᠢᠯᠠᠭᠤᠯᠵᠤ᠂  ᠰᠢᠯᠢᠳᠡᠭ ᠵᠠᠰᠠᠭ ᠤᠨ ᠶᠠᠪᠤᠳᠠᠯ ᠤᠨ ᠦᠢᠯᠡᠴᠢᠯᠡᠭᠡ᠂  ᠪᠦᠷᠢᠨ ᠲᠡᠭᠦᠯᠳᠡᠷ ᠡᠯᠧᠮᠧᠨ᠋ᠲ ᠤᠨ ᠪᠠᠲᠤᠯᠠᠭ᠎ᠠ ᠪᠠᠷ ᠠᠵᠤ ᠠᠬᠤᠶᠢᠯᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠬᠤ ᠳᠤ ᠬᠦᠴᠦ ᠨᠡᠮᠡᠷᠢᠯᠡᠵᠦ᠂ ᠲᠦᠷᠦᠯ ᠵᠦᠢᠯ ᠢ ᠡᠷᠲᠡ ᠪᠦᠲᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃      ᠠᠶᠢᠮᠠᠭ ᠤᠨ ᠬᠠᠮ ᠵᠠᠭᠤᠴᠢᠯᠠᠭᠤᠷ ᠤᠨ ᠲᠥᠪ ᠤᠨ ᠳᠡᠳ᠋ ᠶᠡᠷᠦᠩᠬᠡᠢ ᠨᠠᠶᠢᠷᠠᠭᠤᠯᠤᠭᠴᠢ ᠪᠠᠢ ᠲᠢᠩ ᠰᠢᠦᠢ᠂ ᠬᠤᠳᠠ ᠶᠢᠨ ᠤᠳᠤᠷᠢᠳᠤᠯᠭ᠎ᠠ ᠨᠠᠪᠴᠢᠮ᠎ᠠ᠂ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠲᠦᠷᠦᠯ ᠵᠦᠢᠯ ᠤᠨ ᠪᠡᠯᠡ ᠣᠷᠣᠭᠤᠯᠤᠯᠲᠠ᠂ ᠵᠢᠷᠤᠭ ᠲᠥᠯᠥᠪᠯᠡᠭᠡ ᠶᠢᠨ ᠨᠢᠭᠡᠴᠡ ᠶᠢᠨ ᠬᠠᠷᠢᠭᠤᠴᠠᠯᠭᠠᠲᠠᠨ ᠬᠠᠮᠲᠤ ᠣᠷᠣᠯᠴᠠᠪᠠ᠃  
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号