ᠪᠦᠷᠢᠨᠵᠢᠨ ᠪᠠᠶᠠᠨ ᠬᠦᠷᠢᠶ᠎ᠠ ᠲᠠᠯ᠎ᠠ ᠨᠤᠲᠤᠭ ᠤᠨ ᠭᠠᠯᠲᠤ ᠠᠭᠤᠯᠠ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠭᠠᠯᠲᠤ ᠠᠭᠤᠯᠠ ᠶᠢᠨ ᠪᠠᠭᠤᠳᠠᠯ ᠵᠡᠷᠭᠡ ᠲᠥᠷᠥᠯ ᠵᠦᠢᠯ ᠤᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢ ᠱᠠᠯᠠᠪᠳᠠᠭᠤᠯᠤᠨ ᠵᠢᠯᠤᠭᠤᠳᠤᠭᠰᠠᠨ
ᠨᠡᠶᠢᠲᠡᠯᠡᠭᠰᠡᠨ ᠴᠠᠭ᠄
2024/3/9
     3 ᠰᠠᠷ᠎ᠠ ᠶᠢᠨ 7 ᠤ ᠡᠳᠦᠷ᠂ ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠪᠦᠷᠢᠨᠵᠢᠨ ᠪᠠᠶᠠᠨ ᠬᠦᠷᠢᠶ᠎ᠠ ᠮᠠᠯᠵᠢᠯ ᠤᠨ ᠲᠠᠯᠠᠪᠠᠶ ᠳᠤ ᠭᠦᠨᠵᠡᠭᠡᠶᠢᠷᠡᠨ᠂ ᠲᠠᠯ᠎ᠠ ᠨᠤᠲᠤᠭ ᠤᠨ ᠭᠠᠯᠲᠤ ᠠᠭᠤᠯᠠ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠭᠠᠯᠲᠤ ᠠᠭᠤᠯᠠ ᠶᠢᠨ ᠪᠠᠭᠤᠳᠠᠯ ᠵᠡᠷᠭᠡ ᠲᠥᠷᠥᠯ ᠵᠦᠢᠯ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠠᠵᠢᠯ ᠢ ᠠᠬᠤᠢ ᠲᠠᠯᠡᠪᠡᠢ ᠳᠤᠨᠢ ᠱᠠᠯᠠᠪᠳᠠᠭᠤᠯᠤᠨ ᠵᠢᠯᠤᠭᠤᠳᠤᠭᠰᠠᠨ ᠪᠠᠶᠢᠨ᠎ᠠ᠃      ᠪᠦᠷᠢᠨᠵᠢᠨ ᠨᠠᠷ ᠤᠷᠢᠳ ᠬᠤᠵᠢᠳ ᠵᠢᠶᠦ᠋ᠨ ᠮᠠ ᠵᠢᠵᠢᠭ ᠪᠠᠯᠭᠠᠰᠤ᠂ ᠭᠠᠯᠲᠤ ᠠᠭᠤᠯᠠ ᠶᠢᠨ ᠤᠨᠴᠠᠯᠢᠭᠳᠠᠢ ᠪᠠᠭᠤᠴᠠ᠂ ᠲᠢᠶᠠᠲᠷ ᠵᠢᠴᠢ ᠭᠤᠣᠯᠳᠠᠯᠭ᠎ᠠ ᠲᠠᠢ ᠦᠵᠡᠮᠵᠢ ᠶᠢᠨ ᠤᠷᠤᠨ ᠵᠡᠷᠭᠡ ᠲᠥᠯᠦᠪᠵᠢᠭᠦᠯᠭᠡ ᠶᠢᠨ ᠣᠷᠣᠨ ᠪᠦᠰᠡ ᠪᠠ ᠵᠠᠮ ᠳᠠᠭᠠᠤ ᠶᠢᠨ ᠣᠷᠴᠢᠨ ᠲᠣᠭᠤᠷᠢᠨ ᠢ ᠪᠠᠶᠢᠴᠠᠭᠠᠨ ᠦᠵᠡᠵᠦ᠂ ᠪᠡᠯᠡ ᠣᠷᠣᠭᠤᠯᠤᠭᠰᠠᠨ ᠠᠵᠤ ᠠᠬᠤᠶᠢᠯᠠᠯ᠂ ᠵᠢᠷᠤᠭ ᠲᠥᠯᠥᠪᠯᠡᠭᠡ ᠶᠢᠨ ᠨᠢᠭᠡᠴᠡ ᠲᠠᠢ ᠪᠠᠷᠢᠯᠭ᠎ᠠ ᠶᠢᠨ ᠠᠵᠢᠯ ᠤᠨ ᠴᠠᠭ ᠤᠨ ᠳᠠᠷᠠᠭᠠᠯᠠᠯ᠂ ᠴᠢᠳᠠᠪᠬᠢ ᠶᠢᠨ ᠪᠠᠶᠢᠷᠢᠰᠢᠭᠤᠯᠤᠯᠲᠠ᠂ ᠢᠵᠢ ᠪᠦᠷᠢᠳᠦᠭᠰᠡᠨ ᠲᠥᠬᠦᠭᠡᠷᠦᠮᠵᠢ ᠵᠡᠷᠭᠡ ᠪᠣᠳᠠᠲᠠᠢ ᠨᠠᠷᠢᠨ ᠵᠦᠢᠯᠡᠰ ᠢ ᠤᠯᠠᠮ ᠴᠢᠨᠠᠭᠰᠢᠳᠠ ᠲᠣᠭᠲᠠᠭᠠᠵᠤ᠂ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠡᠵᠡᠢ᠃ ᠪᠦᠷᠢᠨᠵᠢᠨ ᠴᠢᠬᠤᠯᠠᠴᠢᠯᠠᠭᠰᠠᠨ ᠨᠢ᠂ ᠪᠠᠶᠠᠨ ᠬᠦᠷᠢᠶ᠎ᠠ ᠲᠠᠯ᠎ᠠ ᠨᠤᠲᠤᠭ ᠤᠨ ᠭᠠᠯᠲᠤ ᠠᠭᠤᠯᠠ ᠶᠢᠨ ᠵᠤᠭᠠᠴᠠᠯ ᠤᠨ ᠦᠵᠡᠮᠵᠢ ᠶᠢᠨ ᠣᠷᠣᠨ᠂ ᠭᠠᠯᠲᠤ ᠠᠭᠤᠯᠠ ᠶᠢᠨ ᠪᠠᠭᠤᠳᠠᠯ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠣᠯ ᠰᠢᠯᠢ ᠶᠢᠨ ᠬᠤᠳᠠ ᠶᠢᠨ ᠵᠤᠭᠠᠴᠠᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠵᠤᠭᠠᠴᠠᠯ ᠤᠨ ᠠᠵᠤ ᠦᠢᠯᠡᠰ ᠤᠨ ᠲᠡᠰ ᠳᠠᠪᠬᠤᠷᠭ᠎ᠠ ᠶᠢ ᠳᠡᠭᠡᠭᠰᠢᠯᠡᠭᠦᠯᠬᠦ᠂ ᠴᠢᠨᠠᠷ ᠰᠠᠶᠢᠲᠠᠢ ᠵᠤᠭᠠᠴᠠᠯ ᠤᠨ ᠬᠠᠷᠠᠯᠲᠠᠲᠤ ᠣᠷᠣᠨ ᠢ ᠲᠦᠷᠭᠡᠨ ᠪᠦᠲᠦᠭᠡᠨ ᠪᠠᠶᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠂ ᠵᠤᠭᠠᠴᠠᠯ ᠤᠨ ᠡᠬᠢ ᠪᠠᠶᠠᠯᠢᠭ ᠢ ᠬᠤᠯᠪᠤᠭᠠᠯᠠᠨ ᠨᠡᠭᠡᠭᠡᠨ ᠬᠥᠭᠵᠢᠭᠦᠯᠬᠦ ᠶᠢ ᠪᠡᠶᠡᠯᠡᠭᠦᠯᠬᠦ᠂ ᠰᠣᠶᠣᠯ ᠵᠤᠭᠠᠴᠠᠯ ᠤᠨ ᠬᠡᠷᠡᠭᠯᠡᠭᠡᠨ ᠤ ᠠᠮᠢᠵᠢᠷᠠᠯ ᠤᠨ ᠬᠦᠴᠦᠨ ᠤ ᠦᠷ᠎ᠡ ᠠᠰᠢᠭ ᠢ ᠬᠥᠭᠵᠢᠭᠡᠬᠦ᠂ ᠤᠯᠠᠨ ᠲᠦᠮᠡᠨ ᠤ ᠣᠷᠣᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠬᠦ ᠶᠢ ᠠᠬᠢᠭᠤᠯᠬᠤ ᠴᠢᠬᠤᠯᠠ ᠭᠠᠷᠳᠠᠴᠠ ᠪᠣᠯᠣᠨ᠎ᠠ᠃ ᠥᠨᠳᠥᠷ ᠡᠬᠢᠯᠡᠯᠲᠡ ᠲᠠᠢ ᠪᠠᠷ ᠲᠥᠯᠥᠪᠵᠢᠭᠦᠯᠵᠦ᠂ ᠥᠨᠳᠥᠷ ᠲᠦᠪᠰᠢᠨ ᠢᠶᠠᠷ ᠵᠢᠷᠤᠵᠤ ᠲᠥᠯᠥᠪᠯᠡᠭᠰᠡᠨ ᠰᠠᠭᠤᠷᠢᠨ ᠳᠡᠭᠡᠷ᠎ᠡ᠂ ᠨᠡᠩ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ ᠬᠢᠷᠢ ᠲᠦᠪᠰᠢᠨ ᠢ ᠪᠠᠲᠤ ᠰᠠᠬᠢᠵᠤ᠂ ᠬᠤᠯᠠ ᠣᠶᠢᠷ᠎ᠠ ᠶᠢ ᠤᠶᠠᠯᠳᠤᠭᠤᠯᠬᠤ᠂ ᠤᠷᠲᠤ ᠣᠬᠤᠷ ᠢ ᠤᠶᠠᠯᠳᠤᠭᠤᠯᠬᠤ᠂ ᠴᠡᠭ ᠪᠠ ᠨᠡᠶᠢᠳᠡᠮ ᠢ ᠤᠶᠠᠯᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠪᠦᠬᠦᠯᠢ ᠴᠣᠭᠴᠠ ᠶᠢᠨ ᠲᠥᠯᠦᠪᠵᠢᠭᠦᠯᠭᠡ ᠶᠢ ᠰᠠᠶᠢᠲᠤᠷ ᠬᠢᠵᠦ᠂ ᠡᠷᠬᠢᠨ ᠲᠣᠭᠤᠷᠢᠨ ᠤ ᠣᠷᠴᠢᠨ ᠲᠣᠭᠤᠷᠢᠨ  ᠤ ᠨᠦᠬᠦᠴᠡᠯ ᠢ ᠳᠡᠭᠡᠭᠰᠢᠯᠡᠭᠦᠯᠬᠦ᠂ ᠢᠵᠢ ᠪᠦᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠬᠦ᠂ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠠᠷᠬᠠᠯᠲᠠ ᠵᠡᠷᠭᠡ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠤᠬᠠᠭᠤᠯᠤᠨ ᠳᠡᠯᠭᠡᠷᠡᠭᠦᠯᠬᠦ ᠪᠠ ᠨᠠᠷᠠᠲᠤ ᠲᠥᠷᠥᠯ ᠲᠡᠮᠳᠡᠭᠲᠦ ᠶᠢ ᠡᠭᠦᠳᠬᠦ ᠶᠢ ᠴᠢᠩᠭᠠᠳᠬᠠᠨ᠂ ᠥᠪᠡᠷᠮᠢᠴᠡ ᠣᠨᠴᠠᠯᠢᠭ ᠲᠠᠢ ᠪᠠ ᠣᠷᠳᠣ ᠬᠤᠭᠤᠴᠠᠭᠠᠨ ᠤ ᠲᠠᠲᠠᠬᠤ ᠬᠦᠴᠦᠨ ᠲᠠᠢ ᠰᠣᠶᠣᠯ ᠵᠢᠭᠤᠯᠴᠢᠯᠠᠯ ᠤᠨ ᠰᠣᠳᠣᠨ ᠪᠦᠲᠦᠭᠡᠯ ᠢ ᠨᠠᠷᠢᠯᠢᠭ ᠰᠠᠶᠢᠳᠤᠷ ᠪᠡᠯᠡᠳᠭᠡᠬᠦ ᠪᠠᠶᠢᠬᠤ ᠬᠡᠷᠡᠭᠲᠡᠢ᠃ ᠬᠠᠷᠠᠯᠲᠠ ᠪᠠᠨ ᠲᠣᠭᠲᠠᠭᠠᠵᠤ᠂ ᠪᠠᠷᠢᠯᠭ᠎ᠠ ᠶᠢᠨ ᠬᠤᠭᠤᠴᠠᠭ᠎ᠠ ᠪᠠᠨ ᠲᠤᠬᠢᠷᠠᠭᠤᠯᠤᠨ ᠪᠠᠶᠢᠷᠢᠯᠠᠭᠤᠯᠵᠤ᠂ ᠬᠠᠮᠤᠭ ᠰᠢᠯᠢᠳᠡᠭ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠠᠮᠤᠭ  ᠪᠦᠷᠢᠨ ᠲᠡᠭᠦᠯᠳᠡᠷ ᠡᠯᠧᠮᠧᠨ᠋ᠲ ᠤᠨ ᠪᠠᠲᠤᠯᠠᠭ᠎ᠠ ᠪᠠᠷ ᠠᠵᠤ ᠠᠬᠤᠶᠢᠯᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠳᠤ ᠬᠦᠴᠦᠨ ᠨᠡᠮᠡᠷᠢᠯᠡᠵᠦ᠂ ᠲᠦᠷᠦᠯ ᠵᠦᠢᠯ ᠢ ᠡᠷᠲᠡ ᠪᠦᠲᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠡᠢ᠃      ᠰᠢᠯᠢ ᠶᠢᠨ ᠭᠤᠤᠯ ᠠᠶᠢᠮᠠᠭ ᠤᠨ ᠬᠠᠮ ᠵᠠᠭᠤᠴᠢᠯᠠᠭᠤᠷ ᠤᠨ ᠲᠥᠪ ᠤᠨ ᠶᠡᠷᠦᠩᠬᠡᠢ ᠨᠠᠶᠢᠷᠠᠭᠤᠯᠤᠭᠴᠢ ᠪᠠᠢ ᠲᠢᠩ ᠰᠢᠦᠢ᠂ ᠰᠢᠯᠢ ᠶᠢᠨ ᠬᠤᠳᠠ ᠶᠢᠨ ᠤᠳᠤᠷᠢᠳᠤᠯᠭ᠎ᠠ ᠨᠠᠪᠴᠢᠮ᠎ᠡ᠂ ᠰᠢᠯᠢ ᠶᠢᠨ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠲᠦᠷᠦᠯ ᠵᠦᠢᠯ ᠤᠨ ᠪᠡᠯᠡ ᠣᠷᠣᠭᠤᠯᠤᠯᠲᠠ᠂ ᠵᠢᠷᠤᠭ ᠲᠥᠯᠥᠪᠯᠡᠭᠡ ᠶᠢᠨ ᠨᠢᠭᠡᠴᠡ ᠶᠢᠨ ᠬᠠᠷᠢᠭᠤᠴᠠᠯᠭᠠᠲᠠᠨ ᠬᠠᠮᠳᠤ ᠪᠠᠷ ᠤᠷᠤᠯᠴᠠᠵᠠᠢ᠃      ᠲᠣᠭᠤᠷ ᠣᠷᠴᠢᠭᠤᠯᠣᠨ ᠨᠠᠶᠢᠷᠠᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号