ᠪᠥᠬᠦ ᠠᠶᠢᠮᠠᠭ ᠤᠨ ᠠᠩᠬᠠᠨ ᠤ ︽ᠡᠯᠧᠺᠲᠷᠣᠨ ᠬᠤᠳᠠᠯᠳᠤᠭᠠᠨ ᠤ ᠵᠢᠭᠡᠯᠡᠯᠭᠡ︾ ᠶᠢ ᠠᠮᠵᠢᠯᠲᠠ ᠲᠠᠢ ᠪᠠᠷ ᠲᠠᠷᠬᠠᠭᠠᠭᠰᠠᠨ
ᠨᠡᠶᠢᠲᠡᠯᠡᠭᠰᠡᠨ ᠴᠠᠭ᠄
2024/3/9
     ᠣᠶᠢᠷ᠎ᠠ ᠶᠢᠨ ᠵᠢᠯ ᠳᠤ᠂ ᠰᠢᠯᠢ ᠶᠢᠨ ᠬᠤᠳᠠ ︽ᠮᠥᠩᠭᠦᠨ ᠭᠦᠢᠯᠭᠡᠭᠡ ᠪᠠᠷ ᠠᠷᠠᠳ ᠢ ᠬᠠᠷᠠᠭᠠᠯᠵᠠᠬᠤ︾ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠶᠢ ᠳᠡᠮᠵᠢᠬᠦ ᠡᠷᠴᠢᠮ ᠢᠶᠠᠨ ᠲᠠᠰᠤᠷᠠᠯᠳᠡ ᠦᠭᠡᠢ ᠴᠢᠩᠭᠠᠷᠠᠭᠤᠯᠵᠤ᠂ ᠡᠯᠧᠺᠲᠷᠣᠨ ᠬᠤᠳᠠᠯᠳᠤᠭᠠᠨ ᠤ ᠠᠵᠤ ᠠᠬᠤᠢ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠠᠳᠠᠯᠢ ᠪᠤᠰᠤ ᠭᠡᠷᠡᠭᠴᠡᠭᠡ ᠱᠠᠭᠠᠷᠳᠠᠯᠭ᠎ᠠ ᠲᠠᠢ ᠡᠷᠦᠬᠡ ᠳᠤ ᠤᠨᠢᠨ ᠳᠡᠭᠡᠷ᠎ᠡ ᠨᠢ ᠦᠢᠯᠡᠴᠢᠯᠡᠵᠦ᠂ ᠠᠵᠤ ᠠᠬᠤᠶᠢᠯᠠᠯ ᠤᠨ ᠪᠡᠯᠡ ᠮᠥᠩᠭᠦ ᠴᠤᠭᠯᠠᠭᠤᠯᠬᠤ ᠬᠦᠴᠢᠷ ᠠᠰᠠᠭᠤᠳᠠᠯ ᠢ ᠦᠨᠠᠨᠬᠦ ᠰᠢᠢᠳᠪᠤᠷᠢᠯᠡᠵᠤ ᠪᠠᠶᠢᠨ᠎ᠠ᠃      ᠮᠧᠶ ᠶᠢᠩ ᠡᠭᠡᠴᠢ ᠪᠣᠯ ᠲᠢᠺ ᠲᠤᠺ ᠲᠤ ᠨᠡᠷ᠎ᠡ ᠴᠤᠤᠲᠠᠢ ︽ᠰᠦᠯᠵᠢᠶᠡᠨ ᠤ ᠤᠳᠤᠨ︾ ᠪᠤᠯᠤᠨ᠎ᠠ᠂ ᠲᠡᠭᠦᠨ ᠤ ᠡᠭᠦᠰᠬᠡᠨ ᠪᠠᠶᠢᠭᠤᠯᠤᠭᠰᠠᠨ ᠥᠪᠥᠷ ᠮᠣᠩᠭᠤᠯ ᠤᠨ ᠰᠢᠯᠢᠨ ᠮᠧᠶ ᠶᠢᠩ ᠢᠳᠡᠭᠡᠨ ᠤ ᠬᠢᠵᠠᠭᠠᠷᠲᠤ ᠺᠣᠮᠫᠠᠨᠢ ᠪᠣᠯ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠪᠣᠷᠤᠯᠠᠭᠤᠯᠭ᠎ᠠ ᠪᠠᠷ ᠭᠤᠣᠯ ᠡᠵᠡᠩᠨᠡᠯᠲᠡ ᠪᠠᠨ ᠪᠤᠯᠭᠠᠭᠰᠠᠨ ᠲᠤᠬᠠᠶᠢᠯᠠᠭᠰᠠᠨ ᠠᠵᠢᠯ ᠤᠨ ᠡᠯᠧᠺᠲᠷᠣᠨ ᠬᠤᠳᠠᠯᠳᠤᠭᠠᠨ ᠤ ᠺᠣᠮᠫᠠᠨᠢ ᠪᠣᠯᠣᠨ᠎ᠠ᠃ ᠣᠶᠢᠷ᠎ᠠ ᠶᠢᠨ ᠬᠡᠳᠦᠨ ᠵᠢᠯ ᠳᠤ᠂ ᠮᠧᠶ ᠶᠢᠩ ᠡᠭᠡᠴᠢ ᠶᠢᠨ ᠰᠦᠯᠵᠢᠶᠡᠨ ᠤ ᠪᠠᠭ᠋ᠠᠷᠬᠠᠭᠴᠢᠳ ᠤᠨ ᠲᠤᠭ᠎ᠠ ᠨᠡᠮᠡᠭᠳᠡᠬᠦ ᠶᠢ ᠳᠠᠭᠠᠯᠳᠤᠨ᠂ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠬᠡᠮᠵᠢᠶ᠎ᠡ ᠪᠠ ᠬᠡᠪᠴᠢᠶ᠎ᠡ ᠨᠢ ᠲᠠᠰᠤᠷᠠᠯᠲᠠ ᠦᠭᠡᠢ ᠦᠷᠭᠡᠳᠭᠰᠠᠨ ᠪᠠᠶᠢᠨ᠎ᠠ᠂ ᠭᠡᠪᠡᠴᠦ ᠡᠯ᠎ᠡ ᠲᠠᠪᠴᠠᠩ ᠤᠨ ᠪᠡᠯᠡ ᠮᠥᠩᠭᠦᠨ ᠤ ᠲᠠᠩᠰᠠ ᠶᠢᠨ ᠬᠤᠭᠤᠴᠠᠭᠠᠨ ᠤ ᠳᠠᠷᠤᠯᠲᠠ ᠦᠷᠭᠦᠯᠵᠢ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢ ᠬᠠᠷᠰᠢᠯᠠᠵᠤ ᠪᠠᠶᠢᠳᠠᠭ ᠤᠴᠢᠷ ᠠᠴᠠ ᠡᠶᠢᠮᠤᠷᠬᠦ ᠪᠠᠶᠢᠳᠠᠯ ᠮᠧᠢ ᠶᠢᠨ ᠡᠬᠡᠴᠢ ᠳᠤ ᠴᠤ ᠲᠤᠬᠢᠶᠠᠯᠳᠤᠵᠤ ᠲᠠᠷᠠ ᠲᠤᠰᠬᠠᠢ ᠰᠠᠯᠠᠭ᠎ᠠ ᠮᠦᠴᠢᠷ ᠲᠤ ᠬᠦᠰᠡᠯ ᠱᠠᠭᠠᠷᠳᠠᠯᠭ᠎ᠠ ᠪᠠᠨ ᠲᠡᠪᠰᠢᠬᠦᠯᠦᠭᠰᠠᠨ ᠪᠠᠶᠢᠨ᠎ᠠ᠂ ᠰᠢᠯᠢ ᠶᠢᠨ ᠭᠤᠣᠯ ᠠᠶᠢᠮᠠᠭ ᠤᠨ ᠰᠣᠶᠣᠯ ᠵᠤᠭᠠᠴᠠᠯ ᠤᠨ ᠪᠡᠯᠡ ᠣᠷᠣᠭᠤᠯᠤᠯᠲᠠ ᠶᠢᠨ ᠺᠣᠮᠫᠠᠨᠢ᠂ ᠰᠢᠯᠢ ᠶᠢᠨ ᠭᠤᠣᠯ ᠠᠶᠢᠮᠠᠭ ᠤᠨ ᠵᠢᠩ ᠶᠤᠸᠠᠨ ᠪᠠᠲᠤᠯᠠᠭ᠎ᠠ ᠶᠢᠨ ᠺᠣᠮᠫᠠᠨᠢ ᠪᠣᠯᠣᠨ ᠰᠢᠯᠢ ᠶᠢᠨ ᠬᠤᠲᠠ ᠶᠢᠨ ᠬᠥᠳᠡᠭᠡ ᠲᠣᠰᠬᠤᠨ ᠤ ᠬᠤᠷᠰᠢᠭᠰᠠᠨ ᠡᠮᠨᠡᠯᠭᠡ ᠶᠢᠨ ᠪᠠᠩᠬᠢ ᠲᠡᠬᠦᠨ ᠤ ᠪᠣᠳᠠᠲᠠᠢ ᠬᠦᠴᠢᠷᠳᠡᠯ ᠢ ᠣᠶᠢᠯᠠᠭᠠᠭᠰᠠᠨ ᠤ ᠳᠠᠷᠠᠭ᠎ᠠ᠂ ᠲᠤᠰᠬᠠᠢ ᠰᠡᠳᠦᠪᠲᠦ ᠠᠵᠢᠯᠯᠠᠬᠤ ᠳᠤᠭᠤᠶᠢᠯᠠᠩ ᠪᠠᠶᠢᠭᠤᠯᠵᠤ᠂ ᠣᠯᠠᠨ ᠤᠳᠠᠭᠠᠨ ᠤ ᠪᠠᠶᠢᠴᠠᠭᠠᠨ ᠰᠤᠳᠤᠯᠤᠯᠲᠠ᠂ ᠳᠠᠬᠢᠨ ᠳᠠᠪᠲᠠᠨ ᠨᠤᠲᠠᠯᠠᠯᠲᠠ ᠬᠢᠬᠦ ᠪᠠᠷ ᠳᠡᠮᠵᠢᠨ᠂ ᠠᠵᠤ ᠠᠬᠤᠶᠢᠯᠠᠯ ᠤᠨ ᠬᠥᠭᠵᠢᠯᠲᠡ ᠶᠢᠨ ᠪᠣᠳᠠᠲᠤ ᠪᠠᠶᠢᠳᠠᠯ ᠪᠠ ᠰᠢᠭᠤᠳ ᠨᠡᠪᠲᠡᠷᠡᠭᠦᠯᠭᠡ ᠶᠢᠨ ᠲᠠᠪᠴᠠᠩ ᠤᠨ ᠠᠵᠢᠯᠯᠠᠭᠠᠨ ᠤ ᠳᠦᠷᠢᠮ ᠢ ᠦᠨᠳᠦᠰᠦᠯᠡᠨ᠂ ︽ᠡᠯᠧᠺᠲᠷᠣᠨ ᠬᠤᠳᠠᠯᠳᠤᠭᠠᠨ ᠤ ᠵᠢᠭᠡᠯᠡᠯᠭᠡ︾ ᠶᠢᠨ ᠦᠢᠯᠡᠳᠬᠦᠨ ᠢ ᠰᠢᠨ᠎ᠡ ᠪᠠᠷ ᠡᠭᠦᠳᠦᠨ ᠭᠠᠷᠭᠠᠭᠰᠠᠨ ᠪᠥᠭᠡᠳ ᠲᠤᠰᠬᠠᠢ ᠵᠦᠢᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠰᠥᠯ ᠢ ᠲᠣᠭᠲᠠᠭᠠᠵᠤ᠂ ᠴᠠᠭᠠᠨ ᠰᠠᠷ᠎ᠠ ᠠᠴᠠ ᠡᠮᠦᠨᠡᠬᠡᠨ ᠪᠥᠬᠦ ᠠᠶᠢᠮᠠᠭ ᠤᠨ ᠠᠩᠬᠠᠳᠠᠭᠴᠢ ︽ᠡᠯᠧᠺᠲᠷᠣᠨ ᠬᠤᠳᠠᠯᠳᠤᠭᠠᠨ ᠤ ᠵᠢᠭᠡᠯᠡᠯᠭᠡ︾ ᠶᠢ 300 ᠲᠦᠮᠡᠨ ᠲᠥᠭᠦᠷᠢᠭ ᠲᠠᠷᠬᠠᠭᠠᠵᠤ᠂ ᠮᠧᠶ ᠶᠢᠩ ᠢᠳᠡᠭᠡᠨ ᠤ ᠬᠢᠵᠠᠭᠠᠷᠲᠤ ᠺᠣᠮᠫᠠᠨᠢ ᠳᠤ ᠭᠦᠢᠯᠭᠡᠭᠡᠨ ᠤ ᠪᠡᠯᠡ ᠮᠥᠩᠭᠦ ᠣᠯᠭᠤᠵᠤ ᠂ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠪᠣᠳᠠᠲᠠᠢ ᠠᠰᠠᠭᠤᠳᠠᠯ ᠢ ᠨᠢ ᠪᠦᠲᠦᠮᠵᠢᠲᠡᠶ ᠰᠢᠢᠳᠪᠦᠷᠢᠯᠡᠭᠰᠡᠨ ᠪᠠᠶᠢᠨ᠎ᠠ      ︽ᠡᠯᠧᠺᠲᠷᠣᠨ ᠬᠤᠳᠠᠯᠳᠤᠭᠠᠨ ᠤ ᠵᠢᠭᠡᠯᠡᠯᠭᠡ︾ ᠶᠢ ᠬᠡᠷᠡᠭᠵᠢᠭᠦᠯᠦᠭᠰᠡᠨ ᠨᠢ ᠰᠢᠯᠢ ᠶᠢᠨ ᠭᠤᠣᠯ ᠤᠨ ᠬᠤᠨᠢ᠂ ᠰᠢᠯᠢ ᠶᠢᠨ ᠭᠤᠣᠯ ᠤᠨ ᠴᠠᠭᠠᠨ ᠢᠳᠡᠭᠡ ᠵᠡᠷᠭᠡ ᠣᠷᠣᠨ ᠨᠤᠲᠤᠭ ᠤᠨ ᠣᠨᠴᠠᠯᠢᠭᠲᠤ ᠪᠦᠲᠦᠭᠡᠭᠳᠡᠬᠦᠨ ᠤ ᠣᠯᠠᠨ ᠡᠰᠢᠴᠢᠯᠡᠭᠰᠡᠨ ᠰᠦᠯᠵᠢᠶᠡᠨ ᠳᠡᠭᠡᠷ᠎ᠡ ᠪᠣᠷᠣᠯᠠᠭᠤᠯᠬᠤ ᠶᠢ ᠪᠡᠶᠡᠯᠡᠭᠦᠯᠬᠦ ᠳᠤ ᠪᠦᠲᠦᠮᠵᠢᠲᠡᠶ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠬᠠᠩᠭᠠᠭᠰᠠᠨ ᠪᠠᠶᠢᠨ᠎ᠠ᠃      ᠠᠬᠤᠢ᠄ ᠥᠪᠥᠷ ᠮᠣᠩᠭᠤᠯ ᠤᠨ ᠰᠢᠯᠢᠨ ᠮᠧᠶ ᠶᠢᠩ ᠢᠳᠡᠭᠡᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠵᠠᠩ ᠸᠧᠢ᠄ ᠪᠢᠳᠡ ᠰᠢᠯᠢ ᠶᠢᠨ ᠭᠤᠣᠯ ᠠᠶᠢᠮᠠᠭ ᠤᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠲᠠᠨᠢᠯᠴᠠᠭᠤᠯᠭ᠎ᠠ ᠪᠠᠷ ᠳᠡᠮᠵᠢᠨ᠂ ᠪᠠᠲᠤᠯᠠᠭ᠎ᠠ ᠶᠢᠨ ᠺᠣᠮᠫᠠᠨᠢ ᠶᠢᠨ ᠪᠠᠲᠤᠯᠠᠭ᠎ᠠ  ᠲᠠᠢ ᠪᠠᠷ ᠰᠢᠯᠢ ᠶᠢᠨ ᠬᠤᠲᠠ ᠶᠢᠨ ᠬᠥᠳᠡᠭᠡ ᠲᠣᠰᠬᠤᠨ ᠤ ᠬᠤᠷᠰᠢᠭᠰᠠᠨ ᠪᠠᠩᠬᠢ ᠶᠢᠨ ᠲᠠᠷᠬᠠᠭᠠᠭᠰᠠᠨ ᠠᠩᠬᠠᠨ ᠤ ︽ᠡᠯᠧᠺᠲᠷᠣᠨ ᠬᠤᠳᠠᠯᠳᠤᠭᠠᠨ ᠤ ᠵᠢᠭᠡᠯᠡᠯᠭᠡ︾ ᠶᠢ ᠣᠯᠵᠤ᠂ ᠮᠠᠨ ᠤ ᠪᠣᠷᠤᠯᠠᠭᠤᠯᠭ᠎ᠠ ᠶᠢᠨ ᠶᠠᠪᠤᠴᠠ ᠳᠠᠬᠢ ᠪᠡᠯᠡ ᠮᠥᠩᠭᠦ ᠶᠢᠨ ᠳᠠᠷᠤᠯᠲᠠ ᠶᠢ ᠪᠦᠲᠦᠮᠵᠢᠲᠡᠶ ᠪᠠᠷ ᠬᠥᠩᠭᠡᠷᠡᠭᠦᠯᠵᠦ᠂ ᠮᠠᠨ ᠤ ᠠᠵᠤ ᠠᠬᠤᠶᠢᠯᠡᠯ ᠤᠨ ᠨᠠᠩ ᠡᠷᠡᠭᠦᠯ ᠢᠶᠠᠷ ᠬᠦᠭᠵᠢᠬᠦ ᠶᠢ ᠲᠠᠮᠵᠢᠭᠰᠠᠨ ᠪᠠᠶᠢᠨ᠎ᠠ᠃ ᠪᠢᠳᠡ ᠳᠠᠪᠠᠭᠤᠯᠢᠭ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠨᠠᠩ ᠣᠯᠠᠨ ᠬᠡᠷᠡᠭᠯᠡᠭᠴᠢᠳ ᠲᠤ ᠰᠢᠯᠢ ᠶᠢᠨ ᠭᠤᠣᠯ ᠤᠨ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠠᠨᠢᠭᠤᠯᠵᠤ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠬᠤᠨᠢ ᠪᠠ ᠰᠢᠯᠢ ᠶᠢᠨ ᠭᠤᠣᠯ ᠤᠨ ᠴᠠᠭᠠᠨ ᠢᠳᠡᠭᠡᠨ ᠢ ᠠᠮᠳᠠᠯᠠᠭᠤᠯᠵᠤ᠂ ᠲᠣᠰ ᠭᠠᠵᠠᠷ ᠤᠨ ᠡᠯᠧᠺᠲᠷᠣᠨ ᠬᠤᠳᠠᠯᠳᠤᠭᠠᠨ ᠤ ᠵᠢᠵᠢᠭᠯᠡᠨ ᠬᠤᠳᠠᠯᠳᠤᠬᠤ ᠰᠢᠨ᠎ᠡ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠳᠤ ᠬᠦᠴᠦᠨ ᠨᠠᠮᠡᠷᠢᠯᠡᠵᠤ ᠪᠠᠶᠢᠨ᠎ᠠ᠃      ᠠᠬᠤᠢ᠄ ᠰᠢᠯᠢ ᠶᠢᠨ ᠭᠤᠣᠯ ᠠᠶᠢᠮᠠᠭ ᠤᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠢᠦᠢ ᠬᠠᠢ ᠹᠧᠩ᠄ ︽ᠡᠯᠧᠺᠲᠷᠣᠨ ᠬᠤᠳᠠᠯᠳᠤᠭᠠᠨ ᠤ ᠵᠢᠭᠡᠯᠡᠯᠭᠡ︾ ᠪᠣᠯ ᠪᠢᠳᠡᠨ ᠤ ᠪᠥᠬᠦ ᠠᠶᠢᠮᠠᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠷᠡᠭᠦᠯ ᠢᠶᠠᠷ ᠬᠥᠭᠵᠢᠬᠦ ᠶᠢ ᠪᠣᠳᠣᠯᠬᠢᠯᠠᠭᠰᠠᠨ ᠬᠦᠴᠦᠲᠡᠢ ᠠᠷᠭ᠎ᠠ ᠬᠡᠮᠵᠢᠶ᠎ᠡ ᠪᠤᠯᠤᠨ᠎ᠠ᠂ ᠡᠯᠧᠺᠲᠷᠣᠨ ᠬᠤᠳᠠᠯᠳᠤᠭᠠᠨ ᠤ ᠰᠢᠨ᠎ᠡ ᠠᠷᠭ᠎ᠠ ᠵᠠᠮ ᠤᠨ ᠲᠦᠷᠭᠡᠨ ᠬᠥᠭᠵᠢᠯᠲᠡ ᠶᠢ ᠠᠬᠢᠭᠤᠯᠬᠤ ᠪᠠᠷ ᠬᠦᠴᠦᠯᠡᠨ ᠴᠢᠷᠮᠠᠶᠢᠵᠤ᠂ ᠨᠠᠩ ᠣᠯᠠᠨ ᠠᠵᠢᠯ ᠡᠷᠬᠢᠯᠡᠭᠰᠡᠳ ᠤᠨ ᠰᠢᠯᠢ ᠶᠢᠨ ᠭᠤᠣᠯ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭ ᠢ ᠪᠣᠷᠣᠯᠠᠭᠤᠯᠬᠤ ᠶᠢ ᠲᠦᠯᠬᠢᠨ ᠠᠬᠢᠭᠤᠯᠵᠤ᠂ ᠭᠠᠵᠠᠷ ᠨᠤᠳᠤᠭ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃      ᠳᠠᠷᠠᠭᠠᠴᠢ ᠶᠢᠨ ᠠᠯᠬᠤᠮ ᠳᠤ᠂ ᠰᠢᠯᠢ ᠶᠢᠨ ᠬᠤᠳᠠ ᠦᠷᠭᠦᠯᠵᠢᠯᠡᠨ ᠡᠯᠧᠺᠲᠷᠣᠨ ᠬᠤᠳᠠᠯᠳᠤᠭᠠᠨ ᠤ ᠵᠢᠭᠡᠯᠡᠯᠭᠡ ᠵᠡᠷᠭᠡ ᠢᠲᠡᠭᠡᠮᠵᠢᠲᠦ ᠵᠢᠭᠡᠯᠡᠯᠭᠡ ᠶᠢᠨ ᠪᠦᠲᠦᠭᠡᠭᠳᠡᠬᠦᠨ ᠤ ᠳᠡᠯᠭᠡᠷᠡᠭᠦᠯᠦᠯᠲᠡ ᠶᠢ ᠲᠦᠷᠭᠡᠳᠬᠡᠵᠦ᠂ ᠨᠡᠩ ᠤᠯᠠᠨ ᠮᠥᠩᠭᠦᠨ ᠭᠦᠢᠯᠭᠡᠭᠡᠨ ᠤ ᠬᠦᠴᠦᠨ ᠢ ᠨᠢᠭᠳᠠᠷᠠᠭᠤᠯᠤᠨ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠪᠦᠬᠦ ᠲᠠᠯ᠎ᠠ ᠶᠢᠨ ᠥᠷᠭᠡᠨ ᠪᠦᠷᠬᠦᠴᠡ ᠲᠠᠢ ᠲᠦᠭᠡᠮᠡᠯ ᠬᠠᠷᠠᠭᠠᠯᠵᠠᠯ ᠤᠨ ᠴᠢᠨᠠᠷᠲᠠᠢ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠬᠦᠯᠬᠦ ᠪᠤᠯᠤᠨ᠎ᠠ᠃      ᠠᠬᠤᠢ᠄ ᠰᠢᠯᠢ ᠶᠢᠨ ᠬᠤᠳᠠ ᠶᠢᠨ ᠬᠥᠳᠡᠭᠡ ᠲᠣᠰᠬᠤᠨ ᠤ ᠬᠤᠷᠰᠢᠭᠰᠠᠨ ᠪᠠᠩᠬᠢ ᠶᠢᠨ ᠡᠵᠡᠩᠨᠡᠯᠲᠡ ᠶᠢᠨ ᠬᠡᠯᠲᠡᠰ ᠤᠨ ᠰᠠᠯᠪᠤᠷᠢ ᠪᠠᠩᠬᠢ ᠶᠢᠨ ᠭᠠᠳᠠᠭᠠᠳᠤ ᠦᠢᠯᠡᠴᠢᠯᠡᠭᠡᠨ ᠤ ᠳᠡᠳ᠋ ᠪᠠᠩᠬᠢ ᠶᠢᠨ ᠳᠠᠷᠤᠭ᠎ᠠ ᠡᠷᠳᠡᠨᠢ᠄ ᠰᠢᠯᠢ ᠶᠢᠨ ᠬᠤᠳᠠ ᠶᠢᠨ ᠬᠥᠳᠡᠭᠡ ᠲᠣᠰᠬᠤᠨ ᠤ ᠬᠤᠷᠰᠢᠭᠰᠠᠨ ᠪᠠᠩᠬᠢ ᠪᠤᠳᠠᠳᠤ ᠪᠠᠶᠢᠳᠠᠯ ᠢᠶᠠᠨ ᠦᠨᠳᠤᠰᠤᠯᠡᠨ ᠳᠠᠪᠠᠭᠤᠯᠢᠭ ᠤᠨᠴᠠᠯᠢᠭ ᠢᠶᠠᠨ ᠦᠷᠭᠦᠯᠵᠢᠯᠡᠨ ᠭᠦᠢᠴᠡᠳ ᠪᠠᠳᠠᠷᠠᠭᠤᠯᠵᠤ᠂ ᠪᠥᠬᠦ ᠬᠤᠲᠠ ᠶᠢᠨ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠪᠠ ᠦᠢᠯᠡᠴᠢᠯᠡᠭᠡᠨ ᠤ ᠵᠠᠭᠪᠤᠷ ᠢ ᠲᠠᠰᠤᠷᠠᠯᠲᠠ ᠦᠭᠡᠢ ᠰᠢᠨ᠎ᠡ ᠪᠠᠷ ᠡᠭᠦᠳᠴᠦ᠂ ᠬᠠᠷᠢᠶ᠎ᠠ ᠳᠣᠲᠣᠷᠠᠬᠢ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠠᠷᠢᠶᠠᠴᠢᠳ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ ᠡᠵᠡᠩᠨᠡᠯᠲᠡ ᠶᠢᠨ ᠭᠤᠣᠯ ᠴᠣᠭᠴᠠ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠢᠵᠢᠭ ᠪᠢᠴᠢᠯ ᠠᠵᠤ ᠠᠬᠤᠶᠢᠯᠠᠯ ᠳᠤ ᠨᠠᠩ ᠰᠢᠯᠢᠳᠡᠭ ᠥᠨᠳᠥᠷ ᠪᠦᠲᠦᠮᠵᠢᠲᠡᠶ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ ᠪᠠᠶᠢᠨ᠎ᠠ᠃       ᠲᠣᠭᠤᠷ ᠣᠷᠴᠢᠭᠤᠯᠣᠨ ᠨᠠᠶᠢᠷᠠᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号