ᠪᠤᠯᠠᠭᠠᠨ ᠰᠤᠮᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠵᠤ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2024/4/10
     ᠣᠶᠢᠷ᠎ᠠ ᠶᠢᠨ ᠡᠳᠤᠷ᠂ ᠰᠢᠯᠢ ᠶᠢᠨ ᠬᠤᠳᠠ ᠶᠢᠨ ᠪᠤᠯᠠᠭᠠᠨ ᠰᠤᠮᠤ ᠺᠠᠳ᠋ᠷ ᠠᠵᠢᠯᠲᠠᠨ ᠢᠶᠠᠨ ᠢᠳᠡᠪᠬᠢᠲᠡᠢ ᠪᠠᠷ ᠵᠣᠬᠢᠶᠠᠨ ᠪᠠᠶᠢᠭᠤᠯᠵᠤ  ᠤᠪᠤᠭᠠᠳᠤ ᠨᠡᠶᠢᠭᠡᠮ ᠲᠣᠭᠤᠷᠢᠭ ᠲᠤ ᠭᠦᠨᠵᠡᠭᠡᠶᠢᠷᠡᠭᠦᠯᠦᠨ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠴᠡᠪᠡᠷ ᠲᠤᠬᠢᠯᠢᠭ ᠣᠷᠣᠨ ᠰᠠᠭᠤᠴᠠ ᠶᠢᠨ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ  ᠪᠤᠯᠭᠠᠵᠤ ᠪᠠᠶᠢᠨ᠎ᠠ᠃   ᠮᠡᠳᠡᠭᠡ ᠦᠵᠡᠭᠡᠷᠡᠢ      ᠲᠣᠰ ᠤᠳᠠᠭ᠎ᠠ ᠭᠤᠤᠯᠳᠠᠭᠤ ᠰᠠᠭᠤᠭᠠᠯᠢ ᠠᠷᠠᠳ ᠤᠨ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ ᠴᠡᠭᠴᠡᠯᠡᠨ ᠵᠠᠰᠠᠬᠤ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠭᠰᠠᠨ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯᠲᠠᠳ ᠵᠡᠭᠡᠯᠢ ᠭᠤᠳᠤᠮᠵᠢ ᠶᠢᠨ  ᠦᠨᠴᠤᠭ᠌ ᠪᠤᠯᠤᠩ᠂ ᠵᠠᠮ ᠤᠨ ᠬᠤᠶᠠᠷ ᠬᠠᠵᠠᠭᠤ ᠶᠢᠨ ᠴᠠᠭᠠᠨ ᠥᠩᠭᠡ ᠶᠢᠨ ᠬᠤᠭ ᠨᠣᠪᠰᠢ ᠶᠢ ᠴᠡᠪᠡᠷᠯᠡᠨ ᠠᠷᠢᠯᠭᠠᠭᠰᠠᠨ ᠪᠠᠶᠢᠨ᠎ᠠ᠃      ᠰᠢᠯᠢ ᠶᠢᠨ ᠬᠤᠳᠠ ᠶᠢᠨ ᠪᠤᠯᠠᠭᠠᠨ ᠰᠤᠮᠤᠨ ᠤ ᠳᠡᠳ᠋ ᠳᠠᠷᠤᠭ᠎ᠠ  ᠰᠤᠷᠭᠤᠭ᠄ ᠥᠨᠥᠳᠥᠷ ᠪᠢᠳᠡ ᠪᠤᠯᠠᠭᠠᠨ ᠰᠤᠮᠤᠨ ᠤ ᠤᠪᠤᠭᠠᠳᠤ ᠨᠡᠶᠢᠭᠡᠮ ᠲᠣᠭᠤᠷᠢᠭ ᠲᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠭᠤᠤᠯᠳᠠᠭᠤ ᠪᠠᠷᠢᠯᠭ᠎ᠠ ᠶᠢᠨ ᠬᠤᠭ ᠨᠣᠪᠰᠢ᠂ ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ  ᠴᠡᠪᠡᠷᠯᠡᠭᠰᠠᠨ ᠪᠠᠶᠢᠨ᠎ᠠ᠃ ᠪᠠᠰᠨ ᠰᠤᠮᠤ᠂ ᠨᠡᠶᠢᠭᠡᠮ ᠲᠣᠭᠤᠷᠢᠭ ᠤᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠤᠨ ᠳᠠᠶᠢᠴᠢᠯᠠᠵᠤ ᠰᠣᠶᠣᠯ ᠤᠨ ᠦᠷᠳᠡᠭᠡ᠂ ᠨᠡᠶᠢᠭᠡᠮ ᠲᠣᠭᠤᠷᠢᠭ ᠤᠨ ᠵᠠᠮ ᠤᠨ ᠬᠤᠶᠠᠷ ᠬᠠᠵᠠᠭᠤ ᠵᠡᠷᠭᠡ ᠶᠢ ᠴᠡᠪᠡᠷᠯᠡᠵᠠᠢ᠃ ᠡᠬᠦᠨ ᠤ ᠬᠠᠮᠳᠤ᠂ ᠸᠢᠴᠠᠲ ᠢ ᠠᠰᠢᠭᠯᠠᠨ ᠳᠠᠮᠵᠢᠭᠤᠯᠤᠨ ᠲᠠᠷᠬᠠᠭᠠᠬᠤ ᠪᠠ ᠡᠷᠦᠬᠡ ᠳᠤ ᠣᠷᠣᠵᠤ ᠤᠬᠠᠭᠤᠯᠬᠤ ᠠᠷᠭ᠎ᠠ ᠮᠠᠶ᠋ᠢᠭ ᠢᠶᠠᠷ ᠥᠷᠭᠡᠨ ᠣᠯᠠᠨ ᠰᠠᠭᠤᠭᠠᠯᠢ ᠠᠷᠠᠳ ᠤᠨ  ᠤᠷᠴᠢᠨ ᠲᠤᠭᠤᠷᠢᠨ ᠤ ᠠᠷᠢᠭᠤᠨ ᠴᠡᠪᠡᠷ ᠢ  ᠢᠮᠠᠭᠳᠠ ᠠᠩᠬᠠᠷᠬᠤ ᠶᠢ ᠰᠠᠨᠠᠭᠠᠴᠢᠯᠠᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠪᠤᠯᠠᠭᠠᠨ ᠰᠤᠮᠤ ᠨᠢᠭᠡᠨᠲᠡ 80 ᠭᠠᠷᠤᠢ ᠮᠠᠰᠢᠨ ᠲᠥᠬᠦᠭᠡᠷᠦᠮᠵᠢ ᠬᠥᠳᠡᠯᠭᠡᠵᠦ᠂ ᠤᠪᠤᠭᠠᠳᠤ ᠨᠡᠶᠢᠭᠡᠮ ᠲᠣᠭᠤᠷᠢᠭ ᠤᠨ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠪᠠᠷᠢᠯᠭ᠎ᠠ ᠶᠢᠨ ᠬᠤᠭ ᠨᠣᠪᠰᠢ᠂ ᠴᠠᠭᠠᠨ ᠥᠩᠭᠡᠲᠦ ᠬᠤᠭ ᠨᠣᠪᠰᠢ ᠵᠡᠷᠭᠡ ᠬᠠᠶᠠᠭᠳᠠᠮᠠᠯ ᠪᠣᠳᠠᠰ ᠢ ᠨᠡᠶᠢᠲᠡ 400 ᠭᠠᠷᠤᠢ ᠲᠣᠨ ᠴᠡᠪᠡᠷᠯᠡᠵᠡᠢ᠃ ᠲᠣᠰ ᠤᠳᠠᠭᠠᠨ ᠤ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠨᠢ ᠬᠠᠷᠢᠶ᠎ᠠ ᠣᠷᠣᠨ ᠤ ᠪᠠᠨ ᠪᠦᠬᠦᠯᠢ ᠴᠣᠭᠴᠠ ᠶᠢᠨ ᠣᠷᠴᠢᠨ ᠠᠬᠤᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ  ᠰᠠᠭᠤᠭᠠᠯᠢ ᠠᠷᠠᠳ ᠤᠨ ᠣᠷᠣᠰᠢᠨ ᠰᠠᠭᠤᠬᠤ ᠳᠤ ᠨᠠᠩ ᠲᠣᠬᠢᠷᠠᠮᠵᠢᠲᠠᠢ ᠠᠮᠢᠳᠤᠷᠠᠯ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃      ᠲᠣᠭᠤᠷ ᠣᠷᠴᠢᠭᠤᠯᠣᠨ ᠨᠠᠶᠢᠷᠠᠭᠤᠯᠪᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号