ᠷᠠᠰᠢᠶᠠᠨᠪᠣᠯᠠᠭ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ︽ᠬᠤᠷᠢᠳᠤᠭᠠᠷ ᠵᠦᠢᠯ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2024/4/10
     ᠨᠡᠶᠢᠭᠡᠮ ᠵᠢᠷᠤᠮ ᠤᠨ ᠬᠠᠤᠯᠢᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠠᠶᠢᠭᠤᠯᠭ᠎ᠠ ᠶᠢᠨ ᠺᠠᠳ᠋ᠷ ᠠᠵᠢᠯᠲᠠᠨ ᠤ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠩᠭᠠᠳᠬᠠᠵᠤ᠂ ᠪᠦᠬᠦ ᠨᠠᠮ ᠤᠨ ᠭᠡᠰᠢᠭᠦᠨ ᠤ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ ᠵᠣᠷᠢᠭᠵᠢᠭᠤᠯᠬᠤ ᠶᠢᠨ ᠲᠥᠯᠥᠭᠡ᠂ 3 ᠰᠠᠷ᠎ᠠ ᠶᠢᠨ 29 ᠎ ᠤ ᠡᠳᠦᠷ᠂ ᠷᠠᠰᠢᠶᠠᠨᠪᠣᠯᠠᠭ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠠᠴᠠ ᠪᠦᠬᠦ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ︽ᠬᠤᠷᠢᠳᠤᠭᠠᠷ ᠵᠦᠢᠯ︾᠎ ᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠡᠢ᠃      ᠺᠢᠨᠣ᠋ ᠶᠢᠨ ᠨᠡᠷ᠎ᠡ ︽ᠬᠤᠷᠢᠳᠤᠭᠠᠷ ᠵᠦᠢᠯ︾᠎ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾᠎ ᠶᠢᠨ ᠬᠤᠷᠢᠳᠤᠭᠠᠷ ᠵᠦᠢᠯ ᠤᠨ ᠲᠣᠭᠲᠠᠭᠠᠯ ᠠᠴᠠ ᠠᠪᠴᠤ᠂ ᠵᠦᠢ ᠶᠣᠰᠣᠨ ᠤ ᠬᠠᠮᠠᠭᠠᠯᠠᠯᠲᠠ ᠭᠡᠬᠦ ᠬᠡᠯᠡᠯᠴᠡᠭᠡᠨ ᠤ ᠬᠠᠤᠯᠢ ᠶᠢᠨ ᠵᠤᠷᠪᠤᠰ ᠲᠤ ᠠᠩᠬᠠᠷᠤᠯ ᠢᠶᠠᠨ ᠲᠥᠪᠯᠡᠷᠡᠭᠦᠯᠵᠡᠢ᠃ ᠺᠢᠨᠣ᠋ ᠨᠢ ᠠᠮᠢᠳᠤ ᠴᠣᠪᠣᠭᠤᠯᠢᠭ ᠪᠣᠳᠠᠲᠤ ᠠᠬᠤᠢ ᠶᠢᠨ ᠰᠡᠳᠦᠪᠲᠦ ᠦᠯᠢᠭᠡᠷ᠂ ᠡᠭᠡᠯ ᠬᠥᠮᠥᠨ ᠤ ᠬᠠᠷᠠᠭᠠᠰᠤ ᠠᠴᠠ ᠬᠡᠷᠴᠢᠯᠲᠡ ᠶᠢᠨ ᠴᠡᠭ ᠪᠣᠯᠭᠠᠵᠤ᠂ ᠲᠤᠬᠠᠢ ᠶᠢᠨ ᠵᠢᠯ ᠤᠨ ᠵᠦᠢ ᠶᠣᠰᠣᠨ ᠤ ᠬᠠᠮᠠᠭᠠᠯᠠᠯᠲᠠ ᠶᠢᠨ ᠠᠵᠢᠯᠯᠠᠭ᠎ᠠ ᠶᠢᠨ ᠲᠤᠬᠠᠢ ᠶᠣᠰᠣ ᠬᠡᠯᠡᠯᠴᠡᠬᠦ ᠶᠢ ᠬᠦᠰᠡᠵᠦ ᠪᠠᠶᠢᠭᠰᠠᠨ ᠨᠡᠶᠢᠲᠡ ᠶᠢᠨ ᠮᠠᠰᠢᠨ ᠲᠡᠷᠭᠡᠨ ᠤ ᠵᠢᠯᠣᠭᠤᠴᠢ᠂ ᠰᠤᠷᠭᠠᠭᠤᠯᠢ ᠶᠢᠨ ᠬᠦᠷᠢᠶᠡᠨ ᠤ ᠡᠵᠡᠷᠬᠡᠭᠯᠡᠯ ᠢ ᠬᠤᠷᠢᠭᠯᠠᠭᠰᠠᠨ ᠠᠴᠠ ᠪᠣᠯᠵᠤ ᠬᠦᠴᠦᠷᠬᠡᠭᠯᠡᠯ ᠶᠠᠪᠤᠭᠤᠯᠤᠭᠰᠠᠳ ᠢ ᠰᠢᠷᠬᠠᠲᠤᠭᠤᠯᠤᠭᠰᠠᠨ ᠳᠤᠮᠳᠠᠳᠤ ᠰᠤᠷᠭᠠᠭᠤᠯᠢ ᠎ ᠶᠢᠨ ᠰᠤᠷᠤᠭᠴᠢ᠂ ᠲᠣᠰᠬᠤᠨ ᠤ ᠡᠵᠡᠷᠬᠡᠭᠴᠢ  ᠎ ᠶᠢ ᠲᠡᠰᠪᠦᠷᠢᠯᠡᠬᠦ  ᠎ ᠶᠢᠨ ᠠᠷᠭ᠎ᠠ ᠦᠭᠡᠢ ᠡᠰᠡᠷᠭᠦᠴᠡᠵᠦ ᠪᠠᠶᠢᠭᠰᠠᠨ ᠲᠣᠰᠬᠤᠨ ᠤ ᠠᠷᠠᠳ᠂ ᠡᠨᠡ ᠭᠤᠷᠪᠠᠨ ᠬᠡᠷᠡᠭ ᠲᠤ ᠡᠷᠡᠭᠦᠦ ᠶᠢᠨ ᠬᠠᠤᠯᠢ ᠶᠢᠨ ᠬᠤᠷᠢᠳᠤᠭᠠᠷ ᠵᠦᠢᠯ ᠳᠠᠬᠢ ︽ᠵᠦᠢ ᠶᠣᠰᠣᠨ ᠤ ᠬᠠᠮᠠᠭᠠᠯᠠᠯᠲᠠ︾᠎ ᠶᠢᠨ ᠲᠤᠬᠠᠢ ᠬᠠᠤᠯᠢ  ᠎ ᠶᠢᠨ ᠠᠷᠤ ᠳᠠᠬᠢ ᠬᠠᠤᠯᠢ ᠵᠦᠢ ᠪᠠ ᠬᠥᠮᠥᠨ ᠤ ᠰᠡᠳᠬᠢᠯᠭᠡ ᠶᠢ ᠬᠠᠮᠲᠤ ᠪᠠᠷ ᠢᠯᠡᠷᠡᠭᠦᠯᠦᠭᠰᠡᠨ ᠪᠠᠶᠢᠨ᠎ᠠ᠃      ᠺᠢᠨᠣ᠋ ᠦᠵᠡᠵᠦ ᠳᠠᠭᠤᠰᠤᠭᠰᠠᠨ ᠤ ᠳᠠᠷᠠᠭ᠎ᠠ ᠣᠯᠠᠨ ᠢᠶᠠᠷ ᠢᠶᠠᠨ ᠲᠣᠰ ᠺᠢᠨᠣ᠋ ᠨᠢ ᠠᠷᠠᠳ ᠣᠯᠠᠨ ᠤ ᠠᠷᠠᠳᠴᠢᠯᠠᠯ᠂ ᠬᠠᠤᠯᠢ ᠪᠠᠷ ᠵᠠᠰᠠᠬᠤ᠂ ᠲᠥᠪ ᠭᠤᠥᠯᠴᠢ᠂ ᠰᠢᠳᠤᠷᠭᠤ ᠶᠣᠰᠣ᠂ ᠠᠮᠤᠷ ᠲᠦᠪᠰᠢᠨ ᠤ ᠲᠠᠯ᠎ᠠ ᠪᠠᠷ ᠬᠢ ᠨᠠᠩ ᠥᠨᠳᠥᠷ ᠱᠠᠭᠠᠷᠳᠠᠯᠭ᠎ᠠ ᠶᠢ ᠲᠤᠰᠬᠠᠵᠤ ᠪᠠᠶᠢᠨ᠎ᠠ ᠭᠡᠵᠡᠢ᠃ ᠦᠨᠳᠦᠰᠦᠨ ᠱᠠᠲᠤᠨ ᠤ ᠺᠠᠳ᠋ᠷ ᠠᠵᠢᠯᠲᠠᠨ ᠪᠣᠯᠤᠭᠰᠠᠨ ᠤ ᠬᠤᠪᠢ ᠳᠤ᠂ ᠠᠷᠠᠳ ᠤᠯᠠᠨ ᠤ ᠰᠢᠳᠤᠷᠭᠤ ᠶᠣᠰᠣᠨ ᠤ ᠬᠦᠰᠡᠯ ᠡᠷᠡᠮᠡᠯᠵᠡᠯ ᠢ ᠠᠩᠬᠠᠷᠤᠨ ᠬᠠᠷᠢᠭᠤᠯᠵᠤ᠂ ᠬᠠᠤᠯᠢᠵᠢᠯ ᠤᠨ ᠵᠣᠷᠢᠭ ᠰᠠᠨᠠᠭ᠎ᠠ ᠶᠢ ᠢᠳᠡᠪᠬᠢᠲᠡᠢ ᠪᠠᠳᠠᠷᠠᠭᠤᠯᠵᠤ᠂ ᠬᠠᠤᠯᠢ ᠶᠣᠰᠣᠭᠠᠷ ᠪᠠᠯᠭᠠᠰᠤ ᠶᠢ ᠵᠠᠰᠠᠵᠤ᠂ ᠬᠠᠤᠯᠢ ᠶᠣᠰᠣᠭᠠᠷ ᠠᠵᠢᠯᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠶᠠᠨ ᠵᠠᠮ ᠳᠤ ᠬᠠᠤᠯᠢᠵᠢᠯ ᠤᠨ ᠬᠦᠴᠦᠨ ᠢ ᠲᠤᠤᠱᠯᠠᠭᠤᠯᠬᠤ ᠬᠡᠷᠡᠭᠲᠡᠢ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号