ᠪᠤᠯᠠᠭᠠᠨ ᠰᠤᠮᠤ ︽ᠰᠢᠯᠢᠳᠡᠭ︾ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠶᠠᠰᠤ | ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ ᠪᠠᠷ ᠴᠢᠷᠮᠠᠶᠢᠪᠠ᠃ | ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠪᠠᠷ ᠵᠢᠯᠣᠭᠤᠳᠣᠯᠭ᠎ᠠ ᠪᠣᠯᠭᠠᠵᠤ᠂ ᠮᠠᠯ ᠤᠨ ᠠᠵᠤ ᠠᠬᠤᠢ ᠶᠢᠨ | ᠤᠳᠤᠬᠢᠴᠢᠯᠡᠯᠳᠡ ᠬᠥᠭᠵᠢᠯᠳᠡ ᠶᠢ ᠰᠠᠢᠳᠤᠷ ᠠᠳᠬᠤᠵᠣ᠂ ᠦᠬᠡᠷ ᠬᠤᠨᠢᠨ ᠤ ᠡᠭᠦᠯᠳᠡᠷ ᠢ ᠲᠠᠰᠤᠷᠠᠯᠲᠠ ᠦᠭᠡᠢ | ᠰᠠᠶᠢᠵᠢᠷᠠᠭᠤᠯᠵᠣ᠂ ᠠᠳᠤᠭᠤᠨ ᠤ ᠠᠵᠤ ᠦᠢᠯᠡᠰ ᠢ ᠯᠠᠪᠳᠠᠭᠤᠨ ᠢᠶᠠᠷ ᠠᠬᠢᠭᠤᠯᠵᠤ᠂ ᠰᠦᠨ ᠤ ᠦᠢᠯᠡᠰ ᠤᠨ | ᠭᠥᠭᠵᠢᠯᠳᠡ ᠶᠢᠨ ᠰᠠᠭᠤᠷᠢ ᠶᠢ ᠪᠠᠳᠤᠳᠬᠠᠪᠠ᠃ ᠪᠠᠶᠠᠨᠨᠠᠭᠤᠷ ᠭᠠᠴᠠᠭ᠎ᠠ ᠠᠳᠤᠭᠤ ᠲᠡᠵᠢᠭᠡᠬᠦ ᠰᠠᠭᠤᠷᠢᠨ ᠭᠠᠵᠠᠷ | ᠪᠠᠶᠢᠭᠤᠯᠵᠤ᠂ ᠠᠳᠤᠭᠤᠨ ᠤ ᠠᠵᠤ ᠦᠢᠯᠡᠰ ᠤᠨ ᠬᠡᠷ ᠪᠦᠯᠢ ᠶᠢᠨ ᠮᠠᠯᠵᠢᠯ ᠤᠨ ᠲᠠᠯᠠᠪᠠᠶ ᠵᠢᠴᠢ ᠵᠢᠵᠢᠭ | ᠦᠢᠯᠡᠳᠬᠡᠯ ᠤᠨ ᠭᠠᠵᠠᠷ ᠨᠡᠶᠢᠲᠡ 15 ᠡᠷᠦᠬᠡ᠂ ᠲᠡᠵᠢᠭᠡᠨ ᠦᠷᠡᠵᠢᠭᠦᠯᠬᠦ ᠲᠣᠮᠣ ᠡᠷᠦᠬᠡ 38 ᠡᠷᠦᠬᠡ ᠶᠢ | ᠪᠤᠶᠢᠵᠢᠭᠤᠯᠵᠤ᠂ ᠠᠳᠤᠭᠤ ᠮᠠᠯᠵᠢᠭᠰᠠᠨ ᠡᠷᠦᠬᠡ ᠨᠢ ᠴᠡᠭᠡ ᠡᠳ᠋ᠰᠢᠭᠦᠯᠬᠦ ᠪᠠ ᠮᠣᠷᠢ ᠤᠷᠤᠯᠳᠤᠬᠤ᠂ ᠵᠤᠭᠠᠴᠠᠯ ᠤᠨ | ᠦᠢᠯᠡᠴᠢᠯᠡᠭᠡ ᠵᠡᠷᠭᠡ ᠠᠵᠤ ᠦᠢᠯᠡᠰ ᠤᠨ ᠠᠭᠤᠰᠤᠯᠳᠤᠨ ᠬᠥᠭᠵᠢᠬᠦ ᠪᠠᠷ ᠲᠠᠮᠵᠢᠨ ᠣᠷᠣᠯᠭ᠎ᠠ ᠪᠠᠨ ᠨᠡᠮᠡᠭᠳᠡᠭᠦᠯᠪᠡ᠃ | ᠰᠦᠨ ᠤ ᠦᠢᠯᠡᠰ ᠢ ᠭᠥᠭᠵᠢᠭᠦᠯᠬᠦ ᠲᠥᠷᠥᠯ ᠵᠦᠢᠯ ᠢᠶᠠᠷ 3 ᠴᠠᠭᠠᠨ ᠢᠳᠡᠭᠡ ᠡᠳ᠋ᠰᠢᠭᠦᠯᠬᠦ ᠦᠢᠯᠡᠳᠪᠦᠷᠢ ᠰᠢᠨ᠎ᠡ ᠪᠠᠷ | ᠪᠠᠶᠢᠭᠤᠯᠵᠣ᠂ ᠣᠲᠣ ᠨᠡᠶᠢᠲᠡ 12 ᠴᠠᠭᠠᠨ ᠢᠳᠡᠭᠡ ᠡᠳ᠋ᠰᠢᠭᠦᠯᠬᠦ ᠦᠢᠯᠡᠳᠪᠦᠷᠢ ᠲᠠᠢ ᠪᠠᠶᠢᠵᠤ᠂ ᠡᠷᠦᠬᠡ ᠪᠦᠷᠢ ᠶᠢᠨ | ᠴᠠᠭᠠᠨ ᠢᠳᠡᠭᠡ ᠡᠳ᠋ᠰᠢᠭᠦᠯᠬᠦ ᠳᠤᠮᠳᠠᠴᠢ ᠣᠷᠣᠯᠭ᠎ᠠ ᠨᠢ 10 ᠲᠦᠮᠡᠨ ᠲᠥᠭᠦᠷᠢᠭ ᠲᠤ ᠬᠥᠷᠪᠡ᠃ ︽ᠰᠣᠩᠭᠤᠳᠠᠭ | ᠴᠡᠭᠡ︾ ᠨᠡᠷᠡᠮᠵᠢᠲᠦ ᠴᠡᠭᠡ ᠨᠢ ᠠᠶᠢᠮᠠᠭ ᠤᠨ ᠨᠠᠷᠠᠲᠤ ᠰᠢᠯᠢᠳᠡᠭ ᠣᠨᠴᠠ ᠰᠢᠨ᠎ᠡ ᠭᠠᠷᠤᠯᠲᠠ ︽ᠰᠢᠯᠢᠨ ᠴᠡᠭᠡ︾ | ᠪᠥᠲᠥᠭᠡᠭᠳᠡᠭᠦᠨ ᠢᠶᠠᠷ ᠰᠤᠩᠭᠤᠭᠳᠠᠪᠠ᠃ | | |