ᠪᠠᠶᠠᠨᠪᠤᠯᠠᠭ ᠰᠤᠮᠤᠨ ᠠᠴᠠ ᠪᠠᠴᠢᠮ ᠠᠪᠤᠷᠠᠯᠲᠠ ᠶᠢᠨ ᠦᠨᠳᠦᠰᠦᠨ ᠮᠡᠳᠡᠯᠭᠡ ᠵᠢᠴᠢ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠮᠡᠳᠡᠯᠭᠡ ᠶᠢᠨ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/4/10
     ᠪᠦᠬᠦ ᠠᠶᠢᠮᠠᠭ ᠤᠨ ᠬᠤᠯᠤᠭᠠᠨ᠎ᠠ ᠶᠢᠨ ᠬᠢᠵᠢᠭ ᠶᠢ ᠰᠡᠷᠭᠡᠶᠢᠯᠡᠨ ᠬᠤᠷᠢᠭᠯᠠᠬᠤ ᠠᠵᠢᠯ ᠤᠨ ᠬᠤᠷᠠᠯ᠂ ᠪᠦᠬᠦ ᠬᠤᠲᠠ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠮᠠᠯᠴᠢᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠠᠲᠤᠯᠠᠬᠤ  ᠶᠢᠨ ᠲᠦᠯᠦᠭᠡ᠂ 4 ᠰᠠᠷ᠎ᠠ ᠶᠢᠨ 2᠎ ᠤ ᠡᠳᠦᠷ ᠪᠠᠶᠠᠨᠪᠤᠯᠠᠭ ᠰᠤᠮᠤᠨ ᠠᠴᠠ 36 ᠳ᠋ᠤᠭᠠᠷ ᠤᠳᠠᠭᠠᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢ ᠲᠤᠬᠢᠶᠠᠯᠳᠤᠭᠤᠯᠤᠨ᠂ ᠪᠠᠴᠢᠮ ᠠᠪᠤᠷᠠᠯᠲᠠ ᠶᠢᠨ ᠦᠨᠳᠦᠰᠦᠨ ᠮᠡᠳᠡᠯᠭᠡ ᠵᠢᠴᠢ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠮᠡᠳᠡᠯᠭᠡ ᠶᠢᠨ ᠪᠤᠯᠪᠠᠰᠤᠷᠠᠯ ᠡᠷᠬᠢᠯᠡᠪᠡ᠃ ᠺᠠᠳ᠋ᠷ ᠠᠵᠢᠯᠲᠠᠨ᠂ ᠭᠠᠴᠠᠭᠠᠨ ᠤ ᠨᠢᠭᠡᠳᠦᠭᠡᠷ ᠱᠦᠵᠢ᠂ ᠬᠠᠷᠢᠶ᠎ᠠ ᠤᠷᠤᠨ ᠤ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠤᠷᠤᠯᠴᠠᠪᠠ᠃      ᠪᠠᠴᠢᠮ ᠠᠪᠤᠷᠠᠯᠲᠠ ᠶᠢᠨ ᠦᠨᠳᠦᠰᠦᠨ ᠮᠡᠳᠡᠯᠭᠡ ᠶᠢᠨ ᠪᠤᠯᠪᠠᠰᠤᠷᠠᠯ ᠳᠤ ᠪᠠᠨ ᠭᠠᠳᠠᠷ ᠰᠢᠷᠬ᠎ᠠ ᠶᠢ ᠲᠦᠷᠭᠡᠨ ᠠᠪᠤᠷᠠᠬᠤ ᠳᠦᠷᠪᠡᠨ ᠦᠨᠳᠦᠰᠦᠨ ᠮᠡᠷᠭᠡᠵᠢᠯ᠂  ᠪᠠᠶᠢᠩᠭᠤ ᠬᠡᠷᠡᠭᠯᠡᠬᠦ ᠪᠠᠴᠢᠮ ᠠᠪᠤᠷᠠᠯᠲᠠ ᠶᠢᠨ ᠮᠡᠳᠡᠯᠭᠡ᠂ ᠢᠳᠡᠭᠡᠨ ᠤᠮᠳᠠᠭᠠᠨ ᠳᠤ ᠬᠤᠤᠷᠳᠠᠭᠳᠠᠬᠤ ᠠᠴᠠ ᠰᠡᠷᠭᠡᠶᠢᠯᠡᠬᠦ ᠪᠠ ᠢᠯᠡᠷᠡᠯ ᠵᠡᠷᠭᠡ ᠦᠨᠳᠦᠰᠦᠨ ᠠᠭᠤᠯᠭ᠎ᠠ ᠶᠢᠨ ᠲᠤᠭᠤᠷᠢᠨ ᠳᠤ ᠲᠠᠶᠢᠯᠪᠤᠷᠢ ᠬᠢᠵᠦ᠂ ᠪᠠᠴᠢᠮ ᠠᠪᠤᠷᠠᠯᠲᠠ ᠶᠢᠨ ᠠᠷᠭ᠎ᠠ ᠶᠢ ᠪᠤᠳᠠᠲᠠᠢ ᠰᠤᠷᠢᠯᠲᠠ ᠪᠠᠷ ᠳᠠᠮᠵᠢᠨ ᠲᠠᠶᠢᠯᠪᠤᠷᠢᠯᠠᠵᠤ᠂ ᠪᠤᠯᠪᠠᠰᠤᠷᠠᠯ ᠳᠤ ᠤᠷᠤᠯᠴᠠᠭᠰᠠᠳ ᠨᠠᠷᠢᠨ ᠬᠢᠨᠠᠮᠠᠭᠠᠢ ᠰᠤᠷᠤᠯᠴᠠᠨ᠂ ᠢᠳᠡᠪᠬᠢᠲᠠᠢ ᠬᠠᠷᠢᠯᠴᠠᠨ ᠬᠦᠳᠡᠯᠦᠯᠴᠡᠵᠦ᠂ ᠪᠤᠯᠪᠠᠰᠤᠷᠠᠯ ᠤᠨ ᠠᠭᠤᠯᠭ᠎ᠠ ᠵᠢᠴᠢ ᠮᠡᠷᠭᠡᠵᠢᠯ ᠤᠨ ᠴᠢᠳᠠᠪᠤᠷᠢ ᠶᠢᠨ ᠴᠢᠬᠤᠯᠠ ᠵᠦᠢᠯ ᠢ ᠡᠵᠡᠮᠰᠢᠵᠦ᠂ ᠭᠡᠨᠡᠳᠲᠡ ᠶᠢᠨ ᠠᠳᠡᠯ ᠢ ᠠᠷᠭᠠᠴᠠᠭᠠᠬᠤ ᠪᠠᠴᠢᠮ ᠠᠪᠤᠷᠠᠨ ᠲᠤᠰᠠᠯᠠᠬᠤ ᠴᠢᠳᠠᠪᠤᠷᠢ ᠪᠠᠨ ᠪᠦᠲᠦᠮᠵᠢᠲᠡᠢ ᠳᠡᠭᠡᠭᠰᠢᠯᠡᠭᠦᠯᠪᠡ᠃      ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠬᠤᠯᠤᠭᠠᠨ᠎ᠠ ᠶᠢᠨ ᠬᠢᠵᠢᠭ ᠤᠨ《ᠭᠤᠷᠪᠠᠨ ᠦᠭᠡᠢ ᠭᠤᠷᠪᠠᠨ ᠬᠡᠷᠡᠭᠲᠡᠢ》ᠵᠢᠴᠢ ᠦᠨᠳᠦᠰᠦᠨ ᠮᠡᠳᠡᠯᠭᠡ᠂ ᠬᠠᠯᠳᠠᠪᠤᠷᠢᠯᠠᠬᠤ ᠵᠠᠮ᠂ ᠡᠮᠴᠢᠯᠡᠭᠡᠨ ᠤ ᠢᠯᠡᠷᠡᠯ᠂ ᠤᠨᠤᠰᠢᠯᠠᠬᠤ ᠵᠢᠴᠢ ᠵᠠᠰᠠᠬᠤ᠂ ᠡᠷᠡᠭᠦᠯ ᠮᠡᠨᠳᠦ ᠶᠢ ᠰᠡᠷᠭᠡᠶᠢᠯᠡᠨ  ᠬᠢᠵᠠᠭᠠᠷᠯᠠᠬᠤ ᠮᠡᠳᠡᠯᠭᠡ ᠵᠡᠷᠭᠡ ᠬᠠᠮᠢᠶ᠎ᠠ ᠪᠦᠬᠦᠢ ᠠᠭᠤᠯᠭ᠎ᠠ ᠳᠤ ᠨᠠᠷᠢᠨ ᠲᠤᠳᠤᠷᠬᠠᠢ ᠲᠠᠶᠢᠯᠤᠮᠵᠢ ᠬᠢᠵᠦ᠂ ᠪᠤᠯᠪᠠᠰᠤᠷᠠᠯ ᠳᠤ ᠤᠷᠤᠯᠴᠠᠭᠰᠠᠳ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠦᠨᠳᠦᠰᠦᠨ ᠮᠡᠳᠡᠯᠭᠡ ᠪᠤᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠪᠡᠷ ᠢ ᠪᠠᠨ ᠰᠡᠷᠭᠡᠶᠢᠯᠡᠨ ᠬᠠᠮᠠᠭᠠᠯᠠᠬᠤ ᠪᠠ ᠰᠠᠨᠠᠭᠠᠴᠢᠯᠠᠭ᠎ᠠ ᠠᠴᠠ ᠪᠠᠨ ᠮᠡᠳᠡᠵᠦ ᠮᠡᠳᠡᠭᠦᠯᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠪᠠ᠃      ᠪᠠᠶᠠᠨᠪᠤᠯᠠᠭ ᠰᠤᠮᠤᠨ ᠠᠴᠠ ᠡᠷᠡᠭᠦᠯ ᠮᠡᠨᠳᠦ ᠶᠢᠨ ᠪᠠᠶᠢᠭᠤᠯᠤᠯᠲᠠ ᠢ ᠠᠬᠢᠭᠤᠯᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠡᠯ᠎ᠡ ᠲᠦᠷᠦᠯ ᠤᠨ ᠠᠵᠢᠯ ᠢ ᠨᠢᠭᠡᠳᠦᠯᠲᠡᠢ ᠲᠦᠯᠦᠪᠵᠢᠭᠦᠯᠦᠨ ᠰᠠᠶᠢᠲᠤᠷ ᠠᠳᠬᠤᠵᠤ᠂ ᠮᠠᠯᠴᠢᠳ ᠤᠨ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠢ ᠪᠠᠲᠤᠯᠠᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号