ᠪᠠᠶᠠᠨᠬᠦ᠋ᠷᠢᠶ᠎ᠡ ᠮᠠᠯᠵᠢᠯ ᠤᠨ ᠲᠠᠯᠠᠪᠠᠢ  ᠠᠶᠤᠯᠭᠦᠢ ᠦᠢᠯᠡᠳᠪᠦᠷᠢᠯᠡᠯ ᠤᠨ ᠳᠠᠯᠳᠠ ᠭᠡᠮ ᠢ ᠪᠠᠶᠢᠴᠠᠭᠠᠬᠤ ᠠᠵᠢᠯ ᠎ ᠢ ᠦᠷᠨᠢᠭᠦᠯᠪᠡ
ᠨᠡᠶᠢᠲᠡᠯᠡᠭᠰᠡᠨ ᠴᠠᠭ᠄
2024/4/10
     ᠠᠶᠤᠯᠭᠦᠢ ᠦᠢᠯᠡᠳᠪᠦᠷᠢᠯᠡᠯ᠂ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠶᠢᠨ ᠡᠳᠦᠷ᠂  ᠪᠠᠶᠠᠨᠬᠦ᠋ᠷᠢᠶ᠎ᠡ ᠮᠠᠯᠵᠢᠯ ᠤᠨ ᠲᠠᠯᠠᠪᠠᠢ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠭᠠᠯ ᠤᠨᠲᠠᠷᠠᠭᠠᠬᠤ ᠠᠵᠢᠯᠲᠠᠳ ᠢ ᠵᠣᠬᠢᠶᠠᠨ ᠪᠠᠶᠢᠭᠤᠯᠵᠤ ᠬᠠᠷᠢᠶ᠎ᠠ ᠣᠷᠣᠨ ᠤ ᠬᠤᠳᠠᠯᠳᠤᠭᠠᠨ ᠤ ᠡᠷᠦᠬᠡ᠂ ᠲᠠᠯᠠᠪᠠᠢ ᠳᠤ ᠰᠠᠭᠤᠭ᠎ᠠ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠠᠰᠠᠭᠤᠳᠠᠯ ᠳᠤ ᠭᠡᠮ ᠰᠣᠭᠤᠭ ᠤᠨ ᠪᠠᠶᠢᠴᠠᠭᠠᠯᠲᠠ ᠬᠢᠵᠦ᠂ ᠰᠡᠳᠬᠢᠯ ᠨᠢᠭᠡᠳᠦᠨ ᠭᠠᠯ ᠰᠡᠷᠭᠡᠶᠢᠯᠡᠬᠦ ᠬᠡᠷᠡᠮ ᠢ ᠪᠠᠬᠢᠵᠢᠭᠦᠯᠵᠦ᠂ ᠭᠠᠷ ᠬᠤᠯᠪᠣᠨ ᠠᠮᠤᠷ ᠠᠮᠤᠭᠤᠯᠠᠩ ᠭᠡᠷ ᠪᠦᠯᠢ ᠶᠢ ᠴᠣᠭᠴᠠᠯᠠᠪᠠ᠃      ᠪᠠᠶᠠᠨᠬᠦ᠋ᠷᠢᠶ᠎ᠡ ᠮᠠᠯᠵᠢᠯ ᠤᠨ ᠲᠠᠯᠠᠪᠠᠶ ᠶᠢᠨ ᠭᠠᠯ ᠤᠨᠲᠠᠷᠠᠭᠠᠬᠤ ᠠᠵᠢᠯᠲᠠᠳ ᠬᠠᠷᠢᠶᠠᠲᠤ ᠣᠷᠣᠨ ᠤ ᠪᠠᠨ ᠵᠡᠭᠡᠯᠢ ᠳᠠᠭᠠᠭᠰᠠᠨ ᠬᠤᠳᠠᠯᠳᠤᠭᠠᠨ ᠤ ᠡᠷᠦᠬᠡ᠂ ᠲᠠᠯᠠᠪᠠᠶ ᠳᠤ ᠰᠠᠭᠤᠭ᠎ᠠ ᠨᠢᠭᠡᠴᠡ ᠵᠡᠷᠭᠡ ᠳᠤ ᠭᠦᠨᠵᠡᠭᠡᠶᠢᠷᠡᠨ ᠰᠢᠲᠠᠮᠠᠬᠠᠢ ᠬᠡᠢ ᠶᠢᠨ ᠲᠦᠭᠰᠢᠭᠦᠷᠢ ᠮᠡᠳᠡᠭᠡᠯᠡᠬᠦ ᠪᠠᠭᠠᠵᠢ᠂ ᠲᠠᠷᠬᠠᠭᠠᠬᠤ ᠵᠠᠮ ᠤᠨ ᠪᠠᠷᠢᠮᠵᠢᠶ᠎ᠠ᠂ ᠭᠠᠯ ᠤᠨᠲᠠᠷᠠᠭᠠᠭᠤᠷ ᠵᠡᠷᠭᠡ ᠭᠠᠯ ᠤᠨᠲᠠᠷᠠᠭᠠᠬᠤ ᠲᠥᠬᠦᠭᠡᠷᠦᠮᠵᠢ ᠶᠢᠨ ᠪᠠᠭᠠᠵᠢ ᠬᠡᠷᠡᠭᠰᠡᠯ ᠤᠨ ᠬᠡᠷᠡᠭᠯᠡᠯᠲᠡ᠂ ᠴᠠᠬᠢᠯᠭᠠᠨ ᠤ ᠱᠤᠭᠤᠮ ᠱᠠᠭᠠᠷᠳᠠᠯᠭ᠎ᠠ ᠳᠤ ᠨᠡᠶᠢᠴᠡᠬᠦ ᠡᠰᠡᠬᠦ ᠵᠡᠷᠭᠡ ᠲᠠᠯ᠎ᠠ ᠪᠠᠷ ᠬᠡᠮ ᠰᠣᠭᠤᠭ ᠢ ᠵᠢᠭᠰᠠᠭᠠᠨ ᠪᠠᠶᠢᠴᠠᠭᠠᠪᠠ᠃ ᠡᠭᠦᠨ ᠤ ᠬᠠᠮᠲᠤ ᠬᠠᠷᠢᠶ᠎ᠠ ᠣᠷᠣᠨ ᠤ ᠲᠠᠯᠠᠪᠠᠢ ᠎ ᠳᠤ ᠰᠠᠭᠤᠭ᠎ᠠ ᠨᠢᠭᠡᠴᠡ ᠲᠠᠢ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠪᠢᠴᠢᠭ 20 ᠭᠠᠷᠤᠢ ᠬᠤᠪᠢ ᠲᠣᠭᠲᠠᠵᠤ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ ᠶᠢ 200 ᠭᠠᠷᠤᠢ ᠬᠤᠪᠢ ᠤᠬᠠᠭᠤᠯᠤᠨ ᠲᠠᠷᠬᠠᠭᠠᠵᠤ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠲᠤᠭ ᠢ 500 ᠭᠠᠷᠤᠢ ᠬᠤᠪᠢ ᠬᠠᠳᠬᠤᠵᠤ᠂ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠬᠦ ᠤᠨᠲᠠᠷᠠᠭᠠᠬᠤ ᠶᠢ ᠤᠶᠠᠯᠳᠤᠭᠤᠯᠬᠤ︾ ᠴᠢᠭᠯᠡᠯᠲᠡ ᠶᠢ ᠨᠠᠶᠢᠳᠠᠪᠤᠷᠢᠵᠢᠭᠤᠯᠪᠠ᠃      ᠳᠠᠷᠠᠭᠠᠴᠢ ᠶᠢᠨ ᠠᠯᠬᠤᠮ ᠳᠤ᠂ ᠪᠠᠶᠠᠨᠬᠦ᠋ᠷᠢᠶ᠎ᠡ ᠮᠠᠯᠵᠢᠯ ᠤᠨ ᠲᠠᠯᠠᠪᠠᠢ ᠲᠤᠰ ᠤᠳᠠᠭ᠎ᠠ ᠶᠢᠨ ᠲᠤᠰᠬᠠᠢ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠠᠰᠠᠭᠤᠳᠠᠯ ᠭᠡᠮ ᠰᠣᠭᠤᠭ ᠢ ᠣᠨᠣᠪᠴᠢᠲᠠᠢ ᠡᠷᠢᠨ ᠣᠯᠵᠤ᠂ ᠭᠤᠣᠯᠳᠠᠯᠭ᠎ᠠ ᠲᠠᠢ ᠣᠷᠣᠨ ᠪᠦᠰᠡ᠂  ᠡᠮᠵᠡᠭᠳᠦ ᠲᠠᠯᠠᠪᠤᠷ᠂ ᠪᠠᠭᠤᠷᠠᠢ ᠭᠤᠭᠴᠤᠭ᠎ᠠ ᠳᠤ ᠴᠢᠭᠯᠡᠭᠦᠯᠦᠨ ᠤᠨᠢᠨ ᠳᠡᠭᠡᠷ᠎ᠡ ᠎ ᠨᠢ ᠬᠦᠴᠦᠲᠡᠢ ᠠᠷᠭ᠎ᠠ ᠬᠡᠮᠵᠢᠶ᠎ᠡ ᠠᠪᠤᠨ᠎ᠠ᠃ ᠭᠠᠯ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠪᠥᠬᠦ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠢᠯᠡᠭᠦᠦ ᠨᠢᠭᠡ ᠬᠤᠪᠢ ᠬᠢᠴᠢᠶᠡᠵᠦ᠂ ᠢᠯᠡᠭᠦᠦ ᠨᠢᠭᠡ ᠬᠤᠪᠢ ᠰᠠᠨᠠᠭ᠎ᠠ ᠠᠮᠤᠷ ᠪᠠᠶᠢᠬᠤ ᠶᠢ ᠪᠡᠶᠡᠯᠡᠭᠦᠯᠵᠦ᠂ ᠭᠠᠯ ᠤᠨ ᠭᠠᠮᠰᠢᠭ ᠤᠨ ᠳᠠᠯᠳᠠ ᠬᠡᠮ ᠢ ᠦᠨᠡᠨᠬᠦ ᠠᠷᠢᠯᠭᠠᠵᠤ᠂ ᠠᠮᠤᠷ ᠲᠦᠪᠰᠢᠨ ᠰᠠᠶᠢᠨ ᠰᠠᠶᠢᠬᠠᠨ ᠮᠠᠯᠵᠢᠯ ᠤᠨ ᠲᠠᠯᠠᠪᠠᠶ ᠶᠢ ᠪᠦᠲᠦᠭᠡᠨ ᠪᠠᠶᠢᠭᠤᠯᠤᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号