ᠴᠤᠬᠠᠠᠭᠤᠯᠠ ᠰᠤᠮᠤ ᠪᠠᠴᠢᠮ ᠠᠪᠤᠷᠠᠯᠲᠠ ᠶᠢᠨ ᠲᠤᠰᠬᠠᠢ ᠰᠡᠳᠦᠪᠲᠦ ᠪᠣᠯᠪᠠᠰᠤᠷᠠᠯ ᠵᠤᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2024/4/10
     ᠪᠦᠬᠦ ᠰᠤᠮᠤᠨ ᠤ ᠡᠮ ᠡᠮᠨᠡᠯᠭᠡ ᠶᠢᠨ ᠪᠠᠴᠢᠮ ᠠᠪᠤᠷᠠᠯᠲᠠ ᠶᠢᠨ ᠬᠢᠷᠢ ᠲᠦᠪᠰᠢᠨ᠋ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 29᠎ ᠤ ᠡᠳᠦᠷ᠂ ᠴᠤᠬᠠᠠᠭᠤᠯᠠ ᠰᠤᠮᠤ ᠪᠠᠴᠢᠮ ᠠᠪᠤᠷᠠᠯᠲᠠ ᠶᠢᠨ ᠮᠡᠳᠡᠯᠭᠡ ᠶᠢᠨ ᠲᠤᠰᠬᠠᠢ ᠰᠡᠳᠦᠪᠲᠦ ᠪᠣᠯᠪᠠᠰᠤᠷᠠᠯ ᠢ ᠵᠣᠬᠢᠶᠠᠨ ᠪᠠᠶᠢᠭᠤᠯᠪᠠ᠂ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠡᠮᠴᠢ ᠰᠣᠪᠢᠯᠠᠭᠴᠢ ᠭᠤᠣᠯᠯᠠᠨ ᠬᠢᠴᠢᠶᠡᠯᠡᠵᠤ᠂ ᠰᠤᠮᠤ ᠪᠠᠶᠢᠭᠤᠯᠭ᠎ᠠ᠂ ᠭᠠᠴᠠᠭ᠎ᠠ᠂ ᠰᠠᠭᠤᠭᠠᠯᠢ ᠲᠣᠭᠤᠷᠢᠭ᠋ ᠤᠨ ᠠᠵᠢᠯᠲᠠᠨ᠂ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠵᠡᠷᠭᠡ 40 ᠭᠠᠷᠤᠢ ᠬᠥᠮᠦᠨ ᠤᠷᠤᠯᠴᠠᠪᠠ᠃      ᠬᠤᠷᠠᠯ ᠳᠡᠭᠡᠷ᠎ᠡ᠂ ᠪᠠᠴᠢᠮ ᠠᠪᠤᠷᠠᠯᠲᠠ ᠶᠢᠨ ᠵᠣᠷᠢᠯᠭ᠎ᠠ᠂ ᠵᠥᠪ ᠣᠨᠣᠪᠴᠢᠲᠠᠢ 120 ᠳ᠋ᠤᠭᠠᠷ ᠲᠤ ᠤᠲᠠᠰᠤᠳᠠᠬᠤ᠂  ᠪᠠᠶᠢᠩᠭᠤ ᠲᠣᠬᠢᠶᠠᠯᠳᠤᠳᠠᠭ ᠪᠠᠴᠢᠮ ᠠᠪᠤᠷᠠᠯᠲᠠ ᠶᠢᠨ ᠮᠡᠳᠡᠯᠭᠡ ᠪᠠ ᠪᠠᠴᠢᠮ ᠪᠠᠶᠢᠳᠠᠯ ᠢ ᠠᠷᠭᠠᠴᠠᠬᠤ ᠮᠡᠳᠡᠯᠭᠡ ᠶᠢ ᠨᠠᠷᠢᠨ ᠨᠢᠮᠪᠠᠢ ᠲᠠᠶᠢᠯᠪᠣᠷᠢᠯᠠᠵᠣ᠂ ᠪᠠᠴᠢᠮ ᠠᠪᠤᠷᠠᠯᠲᠠ ᠶᠢᠨ ᠮᠡᠳᠡᠯᠭᠡ ᠶᠢᠨ ᠴᠢᠬᠤᠯᠠ ᠴᠢᠨᠠᠷ ᠢ ᠲᠦᠭᠡᠮᠡᠯᠵᠢᠭᠦᠯᠦᠭᠰᠡᠨ ᠪᠥᠭᠡᠳ ᠪᠠᠴᠢᠮ ᠠᠪᠤᠷᠠᠬᠤ ᠴᠢᠬᠤᠯᠠ ᠵᠦᠢᠯ᠂ ᠠᠯᠬᠤᠮ ᠳᠠᠷᠠᠭ᠎ᠠ ᠪᠣᠯᠤᠨ ᠠᠩᠬᠠᠷᠬᠤ ᠵᠦᠢᠯ ᠢ ᠥᠭᠭᠦᠪᠡ᠃ ᠲᠤᠰ ᠤᠳᠠᠭᠠᠨ ᠤ ᠪᠠᠴᠢᠮ  ᠠᠪᠣᠷᠠᠯᠲᠠ ᠶᠢᠨ ᠪᠣᠯᠪᠠᠰᠤᠷᠠᠯ ᠨᠢ ᠦᠨᠳᠦᠰᠦᠨ ᠱᠠᠲᠤᠨ ᠤ  ᠺᠠᠳ᠋ᠷᠴᠣᠳ ᠤᠨ ᠪᠠᠴᠢᠮ ᠠᠪᠤᠷᠠᠯᠲᠠ ᠶᠢᠨ ᠴᠢᠳᠠᠪᠣᠷᠢ ᠶᠢ ᠦᠨᠡᠨ ᠬᠦ ᠴᠢᠩᠭᠠᠷᠠᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号