ᠰᠢᠯᠢ ᠶᠢᠨ ᠬᠤᠲᠠ ᠶᠢᠨ ᠸᠧ ᠶᠤᠸᠠᠨ ᠰᠠᠭᠠᠯᠢ ᠶᠢᠨ ᠦᠨᠢᠶᠡᠨ ᠤ ᠲᠠᠯᠠᠪᠠᠢ ᠺᠠᠳ᠋ᠷ ᠠᠵᠢᠯᠲᠠᠨ ᠢ ᠵᠣᠬᠢᠶᠠᠨ ᠪᠠᠶᠢᠭᠤᠯᠵᠣ ︽ᠬᠤᠭ ᠨᠣᠪᠰᠢ ᠲᠡᠭᠦᠵᠦ ᠪᠦᠬᠦ ᠣᠯᠣᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠳᠤ ᠬᠠᠪᠰᠤᠷᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ︾ ᠰᠠᠶᠢᠨ ᠳᠤᠷ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/4/10
     ᠪᠥᠬᠦ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠬᠤᠲᠠ ᠶᠢᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠂ ᠬᠥᠮᠥᠰ ᠤᠨ ᠣᠷᠣᠰᠢᠨ ᠰᠠᠭᠤᠬᠤ ᠴᠡᠪᠡᠷ ᠲᠡᠭᠰᠢ ᠣᠷᠴᠢᠨ ᠨᠥᠬᠦᠴᠡᠯ ᠢ ᠪᠣᠶ ᠪᠣᠯᠭᠠᠵᠤ᠂ ᠯᠧᠢ ᠹᠧᠩ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ 2024 ᠣᠨ ᠤ 3 ᠰᠠᠷ᠎ᠠ ᠶᠢᠨ 29᠎ ᠤ ᠡᠳᠦᠷ᠂ ᠸᠧ ᠶᠤᠸᠠᠨ ᠰᠠᠭᠠᠯᠢ ᠶᠢᠨ ᠦᠨᠢᠶᠡᠨ ᠤ ᠲᠠᠯᠠᠪᠠᠶ 60 ᠭᠠᠷᠤᠢ ᠺᠠᠳ᠋ᠷ ᠠᠵᠢᠯᠲᠠᠨ ᠢ ᠵᠣᠬᠢᠶᠠᠨ ᠪᠠᠶᠢᠭᠤᠯᠵᠤ᠂ 303 ᠤᠯᠤᠰ ᠤᠨ ᠵᠠᠮ ᠤᠨ ᠬᠠᠵᠠᠭᠤ ᠳᠤ ︽ᠬᠤᠭ ᠨᠣᠪᠰᠢ ᠲᠡᠭᠦᠵᠦ ᠪᠦᠬᠦ ᠣᠯᠣᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠳᠤ ᠬᠠᠪᠰᠤᠷᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ︾ ᠰᠠᠶᠢᠨ ᠳᠤᠷ᠎ᠠ ᠶᠢᠨ ᠠᠵᠢᠯᠯᠠᠭ᠎ᠠ  ᠶᠢ  ᠦᠷᠨᠢᠭᠦᠯᠪᠡ᠃      ᠠᠵᠢᠯᠯᠠᠭ᠎ᠠ ᠶᠢᠨ ᠳᠤᠮᠳᠠ᠂ ᠺᠠᠳ᠋ᠷ ᠠᠵᠢᠯᠲᠠᠨ ᠭᠠᠷ ᠲᠠᠭᠠᠨ ᠰᠦᠯᠢᠶᠥᠦ ᠤᠭᠤᠲᠠ ᠪᠠᠷᠢᠵᠤ᠂ ᠶᠡᠭᠡ ᠰᠠᠯᠬᠢ ᠬᠠᠬᠢᠷ ᠬᠦᠢᠲᠡᠨ ᠵᠡᠷᠭᠡ ᠮᠠᠭᠤ ᠠᠭᠤᠷ ᠠᠮᠢᠰᠬᠤᠯ ᠢ ᠢᠯᠠᠨ ᠳᠠᠪᠠᠵᠤ᠂ ᠲᠠᠮᠠᠬᠢᠨ ᠡᠰᠢ᠂ ᠴᠠᠭᠠᠰᠤᠨ ᠦᠷᠦᠪᠳᠡᠰᠦ᠂ ᠢᠳᠡᠭᠡᠨ ᠤ ᠤᠭᠤᠲᠠ᠂ ᠬᠠᠶᠠᠭᠳᠠᠮᠠᠯ ᠪᠣᠳᠠᠰ ᠵᠡᠷᠭᠡ ᠬᠤᠭ ᠨᠣᠪᠰᠢ ᠶᠢ ᠴᠡᠪᠡᠷᠯᠡᠵᠦ᠂ ︽ᠬᠦᠴᠢᠷ ᠠᠴᠠ ᠠᠶᠤᠬᠤ ᠦᠭᠡᠢ᠂ ᠪᠤᠵᠠᠷ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ︾ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠪᠠ᠃ ᠲᠣᠰ ᠤᠳᠠᠭᠠᠨ ᠤ ᠬᠤᠭ ᠨᠣᠪᠰᠢ ᠴᠡᠪᠡᠷᠯᠡᠬᠦ ᠠᠵᠢᠯᠯᠠᠭ᠎ᠠ ᠨᠢ ᠺᠠᠳ᠋ᠷ ᠠᠵᠢᠯᠲᠠᠨ ᠤ ᠣᠷᠴᠢᠨ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠢ ᠴᠢᠩᠭᠠᠷᠠᠭᠤᠯᠵᠤ᠂ ᠺᠠᠳ᠋ᠷ ᠠᠵᠢᠯᠲᠠᠨ ᠤ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠦᠨ ᠂ ᠴᠡᠪᠡᠷ ᠴᠡᠮᠴᠡᠭᠡᠷ᠂ ᠪᠣᠯᠪᠠᠰᠤᠨ ᠡᠶ᠎ᠡ ᠵᠣᠬᠢᠴᠠᠯ ᠲᠠᠢ ᠠᠮᠢᠳᠤᠷᠠᠯ ᠤᠨ ᠣᠷᠴᠢᠨ ᠨᠥᠬᠦᠴᠡᠯ ᠢ ᠪᠣᠶ ᠪᠣᠯᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠸᠧ ᠶᠤᠸᠠᠨ ᠰᠠᠭᠠᠯᠢ ᠶᠢᠨ ᠦᠨᠢᠶᠡᠨ ᠤ ᠲᠠᠯᠠᠪᠠᠶ ᠬᠤᠭ ᠨᠣᠪᠰᠢ ᠲᠡᠭᠦᠬᠦ ᠪᠠᠶᠢᠩᠭᠤ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠯᠧᠢ ᠹᠧᠩ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠤᠨ ᠦᠢᠯᠡᠳᠦᠯᠭᠡᠵᠢᠭᠦᠯᠵᠦ᠂ ᠪᠣᠯᠪᠠᠰᠤᠨ ᠰᠢᠨ᠎ᠡ ᠰᠤᠷᠲᠠᠯ ᠢ ᠪᠣᠶ ᠪᠣᠯᠭᠠᠬᠤ᠂ ᠠᠮᠢᠳᠤᠷᠠᠯ ᠤᠨ ᠣᠷᠴᠢᠨ ᠲᠣᠭᠤᠷᠢᠨ ᠢ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠠᠷᠢᠭᠤᠨ ᠴᠡᠪᠡᠷ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠴᠢᠷᠮᠠᠶᠢᠨ ᠡᠭᠦᠳᠦᠨ ᠪᠠᠶᠢᠭᠤᠯᠵᠤ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号