ᠰᠢᠯᠢ ᠶᠢᠨ ᠬᠤᠲᠠ ᠶᠢᠨ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠦᠷᠢᠳᠬᠡᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2024/4/10
     2023 ᠣᠨ ᠳᠤ᠂ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠭᠠᠳᠠᠭᠠᠳᠤ ᠣᠷᠴᠢᠨ ᠲᠣᠭᠤᠷᠢᠨ ᠪᠣᠯᠣᠨ ᠠᠵᠤ ᠠᠬᠤᠢ ᠶᠢᠨ ᠰᠡᠷᠭᠦᠯᠲᠡ ᠶᠢᠨ ᠶᠠᠪᠤᠴᠠ ᠳᠠᠬᠢ ᠬᠦᠴᠢᠷ ᠪᠡᠷᠬᠡᠰᠢᠶᠡᠯ ᠤᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠲᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ  ᠴᠢᠩᠭ᠎ᠠ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠴᠣᠬᠤᠯᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ ︽ᠬᠤᠶᠠᠷ ᠶᠡᠭᠡ ᠶᠠᠪᠤᠳᠠᠯ︾ ᠎ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠦᠬᠦ ᠬᠤᠳᠠ ᠶᠢᠨ ᠠᠵᠤ ᠠᠬᠤᠢ ᠨᠢ ᠤᠶᠠᠨ ᠬᠠᠳᠠᠨ ᠴᠢᠨᠠᠷ ᠢ ᠢᠯᠡᠷᠡᠭᠦᠯᠵᠦ  ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠲᠠᠬᠢᠨ ᠰᠢᠨ᠎ᠡ ᠳᠡᠭᠲᠡᠷ ᠲᠤ ᠭᠠᠷᠭᠠᠵᠤ᠂ ᠴᠢᠨᠠᠷ ᠰᠠᠶᠢᠲᠠᠢ ᠬᠥᠭᠵᠢᠯᠲᠡ ᠰᠢᠨ᠎ᠡ ᠠᠯᠬᠤᠮ ᠢ ᠠᠯᠬᠤᠪᠠ᠃      ᠨᠢᠭᠡ᠂ ᠶᠡᠷᠦᠩᠬᠡᠶᠢᠯᠡᠯ      ᠬᠤᠰᠢᠭᠤ ᠰᠢᠶᠠᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2023 ᠣᠨ ᠳᠤ ᠪᠥᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 340.83 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ ᠂ ᠠᠳᠠᠯᠢ ᠬᠤᠭᠤᠴᠠᠭᠠᠨ ᠤ ᠬᠢ ᠠᠴᠠ 3.5%᠎ ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠨᠢ 25.25 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.2% ᠨᠡᠮᠡᠭᠳᠡᠪᠡ  ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠨᠢ 171.53 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.4% ᠪᠠᠭᠤᠷᠠᠪᠠ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠨᠢ 144.04 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.5% ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠲᠦᠴᠡ ᠨᠢ 7.41᠄ 50.33᠄ 42.26 ᠪᠠᠶᠢᠵᠤ᠂ ᠭᠤᠷᠪᠠᠨ ᠠᠵᠤ ᠦᠢᠯᠡᠰ ᠤᠨ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ᠲᠣᠰ ᠲᠣᠰ 12.38%᠂ -29.53%᠂ 117.14% ᠪᠠᠶᠢᠵᠤ᠂ GDP᠎ ᠶᠢᠨ ᠨᠡᠮᠡᠭᠳᠡᠯ ᠢ ᠲᠣᠰ ᠲᠣᠰ 0.43᠂ -1.03 ᠪᠠ 4.09 ᠵᠠᠭᠤᠨ ᠤ ᠨᠢᠭᠡᠴᠢ ᠳᠠᠶᠢᠴᠢᠯᠠᠪᠠ᠃ ᠬᠥᠮᠥᠨ ᠪᠦᠷᠢ ᠳᠤ ᠳᠤᠮᠳᠠᠴᠢ ᠪᠠᠷ ᠨᠣᠭᠳᠠᠬᠤ ᠦᠢᠯᠡᠳᠪᠦᠷᠢᠯᠡᠯ ᠤᠨ ᠪᠦᠬᠦ ᠦᠷᠲᠡᠭ 95140 ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 3.3%᠎ ᠪᠠᠷ ᠨᠡᠮᠡᠭᠳᠡᠪᠡ᠃      ᠵᠢᠯ ᠤᠨ ᠡᠴᠦᠰ ᠲᠤ ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠥᠨ ᠠᠮᠠ 35.78 ᠲᠦᠮᠡ ᠳᠤ ᠬᠦᠷᠴᠦ ᠂ ᠲᠦᠷᠦᠭᠦᠸ ᠵᠢᠯ ᠤᠨ ᠡᠴᠦᠰ ᠤᠨ ᠬᠢ ᠠᠴᠠ 0.09 ᠲᠦᠮᠡ ᠬᠠᠰᠤᠭᠳᠠᠵᠤ᠂ ᠪᠠᠭᠤᠷᠠᠯᠲᠠ ᠶᠢᠨ ᠬᠡᠮᠵᠢᠶ᠎ᠡ ᠨᠢ 0.25% ᠪᠤᠯᠤᠨ᠎ᠠ᠃ ᠡᠭᠦᠨ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠬᠥᠮᠥᠨ ᠠᠮᠠ 33.79 ᠲᠦᠮᠡ ᠪᠠᠶᠢᠵᠤ᠂ 2022 ᠣᠨ ᠤ ᠡᠴᠦᠰ ᠤᠨ ᠬᠢ ᠠᠴᠠ 0.15 ᠲᠦᠮᠡ ᠨᠡᠮᠡᠭᠳᠡᠵᠡᠢ᠃ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠬᠥᠮᠥᠨ ᠠᠮᠠ 1.99 ᠲᠦᠮᠡ ᠪᠠᠶᠢᠵᠤ᠂ 2022 ᠣᠨ ᠤ ᠡᠴᠦᠰ ᠤᠨ ᠬᠢ ᠠᠴᠠ 0.24 ᠲᠦᠮᠡ ᠪᠠᠭᠠᠰᠪᠠ᠃ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠨᠢ 94.44% ᠬᠦᠷᠴᠦ᠂ 2022 ᠣᠨ ᠤ ᠬᠢ ᠠᠴᠠ 0.66%᠎ ᠪᠠᠷ ᠳᠡᠭᠡᠭᠰᠢᠯᠡᠪᠡ᠃ ᠡᠷᠡᠭᠲᠡᠢ ᠬᠥᠮᠥᠨ ᠠᠮᠠ 18.54 ᠲᠦᠮᠡ ᠪᠠᠶᠢᠵᠤ᠂ ᠪᠠᠶᠢᠩᠭᠤ ᠰᠠᠭᠤᠭ᠎ᠠ ᠬᠥᠮᠥᠨ ᠠᠮᠠ ᠶᠢᠨ 51.83%᠎ ᠶᠢ ᠡᠵᠡᠯᠡᠵᠦ᠂ ᠡᠮᠡᠭᠲᠡᠢ ᠬᠥᠮᠥᠨ ᠠᠮᠠ 17.24 ᠲᠦᠮᠡ ᠪᠠᠶᠢᠵᠤ᠂ ᠪᠠᠶᠢᠩᠭᠤ ᠰᠠᠭᠤᠭ᠎ᠠ ᠬᠥᠮᠥᠨ ᠠᠮᠠ ᠶᠢᠨ 48.17%  ᠎ ᠶᠢ ᠡᠵᠡᠯᠡᠵᠦ ᠪᠠᠶᠢᠨ᠎ᠠ᠃ ᠪᠥᠬᠦ ᠵᠢᠯ ᠳᠤ ᠲᠥᠷᠥᠭᠰᠡᠨ ᠬᠥᠮᠥᠨ ᠠᠮᠠ 0.17 ᠲᠦᠮᠡ ᠪᠠᠶᠢᠵᠤ᠂ ᠬᠥᠮᠥᠨ ᠠᠮᠠ ᠶᠢᠨ ᠳᠦᠷᠦᠯᠲᠡ ᠶᠢᠨ ᠨᠣᠷᠮ᠎ᠠ 4.7‰ ᠪᠣᠯᠪᠠ᠃ ᠦᠬᠦᠭᠰᠡᠨ ᠬᠥᠮᠥᠨ ᠠᠮᠠ 0.26 ᠲᠦᠮᠡ ᠳᠤ ᠬᠦᠷᠴᠦ᠂ ᠬᠥᠮᠥᠨ ᠠᠮᠠ ᠶᠢᠨ ᠦᠬᠦᠯᠲᠡ ᠶᠢᠨ ᠨᠤᠷᠮ᠎ᠠ 7.2‰᠎ ᠳᠤ ᠬᠦᠷᠴᠡᠢ᠃ ᠬᠥᠮᠥᠨ ᠠᠮᠠ ᠶᠢᠨ ᠠᠶᠠᠨᠳᠠᠭᠠᠨ ᠨᠡᠮᠡᠭᠳᠡᠬᠦ ᠨᠤᠷᠮ᠎ᠠ ᠨᠢ -2.52‰ ᠪᠣᠯᠣᠨ᠎ᠠ᠃      ᠪᠦᠬᠦ ᠵᠢᠯ ᠳᠤ ᠬᠤᠳᠠ ᠪᠠᠯᠭᠠᠰᠤᠨ ᠳᠤ 3182 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ 4493 ᠠᠵᠢᠯ ᠠᠯᠳᠠᠭᠰᠠᠳ ᠲᠤ ᠲᠠᠬᠢᠨ ᠠᠵᠢᠯ ᠣᠯᠭᠤᠵᠤ᠂ ᠵᠢᠯ ᠤᠨ ᠡᠴᠦᠰ ᠲᠤ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ 3.21 %᠎ ᠳᠤ ᠬᠦᠷᠪᠡ᠃      ᠬᠤᠶᠠᠷ᠂ ᠲᠠᠷᠢᠶᠠᠯᠠᠩ ᠮᠠᠯ ᠠᠵᠤ ᠠᠬᠤᠢ      ᠪᠥᠬᠦ ᠵᠢᠯ ᠳᠤ ᠪᠥᠬᠦ ᠬᠤᠲᠠ ᠶᠢᠨ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠨᠡᠮᠡᠭᠳᠡᠯ ᠥᠷᠲᠡᠭ 25.92 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 5.3%᠎ ᠪᠠᠷ ᠨᠡᠮᠡᠭᠳᠡᠪᠡ᠃ ᠠᠮᠤ ᠪᠤᠳᠠᠭᠠᠨ ᠤ ᠳᠠᠷᠢᠬᠤ ᠲᠠᠯᠠᠪᠠᠶ 9064.8 ᠾᠧᠺᠲ᠋ᠠᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.16%᠎ ᠪᠠᠷ ᠪᠠᠭᠤᠷᠠᠪᠠ᠃ ᠠᠮᠤ ᠪᠤᠳᠠᠭᠠᠨ ᠤ ᠶᠡᠷᠦᠩᠬᠡᠢ ᠤᠨᠠᠯᠲᠠ 25967.4 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.6% ᠪᠠᠭᠤᠷᠠᠵᠠᠢ᠃      ᠭᠤᠷᠪᠠ᠂ ᠠᠵᠤ ᠦᠢᠯᠡᠳᠪᠦᠷᠢ      ᠪᠥᠬᠦ ᠬᠤᠲᠠ ᠶᠢᠨ ᠪᠥᠬᠦ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.8%᠎ ᠪᠠᠷ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 0.9%᠎ ᠪᠠᠷ ᠪᠠᠭᠤᠷᠠᠪᠠ᠃ ᠠᠭᠤᠷᠬᠠᠢ ᠮᠠᠯᠲᠠᠬᠤ ᠦᠢᠯᠡᠰ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.4% ᠪᠠᠭᠤᠷᠠᠪᠠ᠃ ᠦᠢᠯᠡᠳᠬᠦ ᠦᠢᠯᠡᠰ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠎ ᠬᠢ ᠠᠴᠠ 12.8%᠎ ᠪᠠᠷ ᠪᠠᠭᠤᠷᠠᠪᠠ᠃ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.8%᠎ ᠪᠠᠷ ᠨᠡᠮᠡᠭᠳᠡᠪᠡ᠃      ᠰᠢᠯᠢ ᠶᠢᠨ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ 50 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠨᠢ ᠠᠳᠠᠯᠢ ᠬᠤᠭᠤᠴᠠᠭᠠᠨ ᠤ ᠬᠢ ᠠᠴᠠ 0.3% ᠨᠡᠮᠡᠭᠳᠡᠵᠦ᠂ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ -49.6% ᠨᠡᠮᠡᠭᠳᠡᠪᠡ᠃      ᠳᠥᠷᠪᠡ᠂ ᠦᠢᠯᠡᠴᠢᠯᠡᠭᠡᠨ ᠤ ᠦᠢᠯᠡᠰ      ᠪᠥᠬᠦ ᠬᠤᠲᠠ ᠶᠢᠨ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 144.04 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.5% ᠨᠡᠮᠡᠭᠳᠡᠪᠡ᠃ ᠡᠭᠦᠨ ᠳᠤ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠨᠡᠮᠡᠭᠳᠡᠯ ᠥᠷᠲᠡᠭ 26 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.5% ᠨᠡᠮᠡᠭᠳᠡᠪᠡ᠃ ᠬᠤᠨᠤᠭ ᠪᠠᠭᠤᠳᠠᠯ ᠢᠳᠡᠭᠡᠨ ᠤᠮᠳᠠᠭᠠᠨ ᠤ ᠦᠢᠯᠡᠰ ᠤᠨ ᠨᠡᠮᠡᠭᠳᠡᠯ ᠥᠷᠲᠡᠭ 5.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 19.5% ᠨᠡᠮᠡᠭᠳᠡᠪᠡ᠃ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠤᠨ ᠨᠡᠮᠡᠭᠳᠡᠯ ᠥᠷᠲᠡᠭ 28.03 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.1% ᠨᠡᠮᠡᠭᠳᠡᠪᠡ᠃ ᠮᠥᠩᠭᠦᠨ ᠭᠦᠢᠯᠭᠡᠭᠡᠨ ᠤ ᠦᠢᠯᠡᠰ ᠤᠨ ᠨᠡᠮᠡᠭᠳᠡᠯ ᠦᠷᠳᠡᠭ 13.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.7% ᠨᠡᠮᠡᠭᠳᠡᠪᠡ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠢᠯᠡᠰ ᠤᠨ ᠨᠡᠮᠡᠭᠳᠡᠯ ᠥᠷᠲᠡᠭ 7.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠨᠡᠮᠡᠭᠳᠡᠪᠡ᠃ ᠠᠰᠢᠭ ᠬᠤᠨᠵᠢᠪᠤᠷᠢ ᠶᠢᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ 22.23 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 6.9% ᠨᠡᠮᠡᠭᠳᠡᠪᠡ᠃ ᠠᠰᠢᠭ ᠬᠤᠨᠵᠢᠪᠤᠷᠢ ᠶᠢᠨ ᠪᠤᠰᠤ ᠴᠢᠨᠠᠷᠲᠠᠢ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ 40.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7%᠎ ᠪᠠᠷ ᠨᠡᠮᠡᠭᠳᠡᠪᠡ᠃      ᠲᠠᠪᠤ᠂ ᠤᠯᠤᠰ ᠤᠨ ᠳᠣᠲᠣᠭᠠᠳᠤ ᠶᠢᠨ ᠠᠷᠠᠯᠵᠢᠶ᠎ᠠ      ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 101.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠨᠡᠮᠡᠭᠳᠡᠪᠡ᠃ ᠪᠣᠷᠤᠯᠠᠭᠤᠯᠭ᠎ᠠ ᠶᠢᠨ ᠭᠠᠵᠠᠷ ᠣᠷᠣᠨ ᠢᠶᠠᠷ ᠬᠤᠪᠢᠶᠠᠪᠠᠯ᠄ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 96.43 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 5.46 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.2% ᠨᠡᠮᠡᠭᠳᠡᠪᠡ ᠃ ᠬᠡᠷᠡᠭᠯᠡᠭᠡᠨ ᠤ ᠲᠥᠷᠥᠯ ᠵᠦᠢᠯ ᠢᠶᠠᠷ ᠨᠢ ᠬᠤᠪᠢᠶᠠᠪᠠᠯ᠄ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 90.16 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.2%᠎ ᠢᠶᠠᠷ ᠨᠡᠮᠡᠭᠳᠡᠪᠡ  ᠃ ᠢᠳᠡᠭᠡᠨ ᠤᠮᠳᠠᠭᠠᠨ ᠤ ᠣᠷᠣᠯᠭ᠎ᠠ 11.73 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 14.1% ᠨᠡᠮᠡᠭᠳᠡᠪᠡ᠃      ᠵᠢᠷᠭᠤᠭ᠎ᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ      ᠪᠥᠬᠦ ᠬᠤᠲᠠ ᠶᠢᠨ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 4.88%᠎ ᠪᠠᠷ ᠨᠡᠮᠡᠭᠳᠡᠪᠡ᠃ ᠡᠭᠦᠨ ᠳᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠠᠳᠠᠯᠢ ᠬᠤᠭᠤᠴᠠᠭᠠᠨ ᠤ ᠬᠢ ᠠᠴᠠ 8.63% ᠨᠡᠮᠡᠭᠳᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠎ ᠬᠢ ᠠᠴᠠ 6.62% ᠪᠠᠭᠤᠷᠠᠪᠠ᠃ ᠠᠵᠤ ᠦᠢᠯᠡᠰ ᠬᠢᠭᠡᠳ ᠪᠦᠲᠦᠴᠡ ᠪᠠᠷ ᠬᠤᠪᠢᠶᠠᠪᠠᠯ᠂ ᠭᠤᠷᠪᠠᠨ ᠲᠣᠮᠣ ᠠᠵᠤ ᠦᠢᠯᠡᠰ ᠲᠤ ᠴᠥᠮ ᠨᠡᠮᠡᠭᠳᠡᠯ ᠤᠨ ᠬᠠᠨᠳᠤᠰᠢ ᠢᠯᠡᠷᠡᠵᠦ᠂ ᠨᠢᠭᠡᠳᠦᠭᠡᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 34.97%᠎ ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2.72% ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 8.28%᠎ ᠪᠠᠷ ᠨᠡᠮᠡᠭᠳᠡᠪᠡ᠃      ᠪᠥᠬᠦ ᠵᠢᠯ ᠳᠤ ᠮᠠᠨ ᠤ ᠬᠤᠲᠠ ᠶᠢᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ 51 ᠲᠦᠮᠡᠨ ㎡᠎ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 40.4%᠎ ᠪᠠᠷ ᠨᠡᠮᠡᠭᠳᠡᠪᠡ᠂ ᠡᠭᠦᠨ ᠳᠤ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠲᠠᠯᠠᠪᠠᠶ 47 ᠲᠦᠮᠡᠨ㎡᠎ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 40.1%᠎ ᠪᠠᠷ ᠨᠡᠮᠡᠭᠳᠡᠪᠡ᠃ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ 27 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 46.8%᠎ ᠪᠠᠷ ᠨᠡᠮᠡᠭᠳᠡᠪᠡ᠂ ᠡᠭᠦᠨ ᠳᠤ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠬᠡᠮᠵᠢᠶ᠎ᠡ 24 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 42.9%᠎ ᠪᠠᠷ ᠨᠡᠮᠡᠭᠳᠡᠪᠡ᠃      ᠲᠤᠯᠤᠭ᠎ᠠ᠂ ᠡᠳ᠋ ᠤᠨ ᠵᠠᠰᠠᠭ ᠪᠠ ᠮᠥᠩᠭᠦᠨ ᠭᠦᠢᠯᠭᠡᠭᠡ      ᠪᠥᠬᠦ ᠵᠢᠯ ᠳᠤ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 37.09 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠬᠢ ᠠᠴᠠ 11.5%᠎ ᠪᠠᠷ ᠨᠡᠮᠡᠭᠳᠡᠪᠡ᠃ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢ 50.84 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 3.9%᠎ ᠪᠠᠷ ᠨᠡᠮᠡᠭᠳᠡᠪᠡ᠃      ᠵᠢᠯ ᠤᠨ ᠡᠴᠦᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰᠤᠨ ᠤ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 544.50 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠡᠴᠦᠰ ᠤᠨ ᠬᠢ ᠠᠴᠠ 20.8%᠎ ᠪᠠᠷ ᠨᠡᠮᠡᠭᠳᠡᠪᠡ᠃ ᠵᠢᠯ ᠤᠨ ᠡᠴᠦᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰᠤᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ 574.63 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠡᠴᠦᠰ ᠤᠨ ᠬᠢ ᠠᠴᠠ 16.1%᠎ ᠪᠠᠷ ᠨᠡᠮᠡᠭᠳᠡᠪᠡ᠃      ᠨᠠᠢᠮᠠ᠂ ᠰᠠᠭᠤᠭᠠᠯᠢ ᠠᠷᠠᠳ ᠤᠨ ᠣᠷᠣᠯᠭ᠎ᠠ ᠪᠠ ᠨᠡᠶᠢᠭᠡᠮ ᠤᠨ  ᠪᠠᠲᠤᠯᠠᠭ᠎ᠠ      ᠪᠥᠬᠦ ᠵᠢᠯ ᠳᠤ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 51733 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.1%᠎ ᠪᠠᠷ ᠨᠡᠮᠡᠭᠳᠡᠪᠡ᠃ ᠪᠦᠬᠦ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 36735 ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 21.1%᠎ ᠪᠠᠷ ᠨᠡᠮᠡᠭᠳᠡᠵᠡᠢ᠃      ᠪᠠᠶᠢᠩᠭᠤ ᠰᠠᠭᠤᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ 52852 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4.1%᠎ ᠪᠠᠷ ᠨᠡᠮᠡᠭᠳᠡᠵᠡᠢ᠃ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ ᠶᠢ 37424 ᠲᠥᠭᠦᠷᠢᠭ ᠲᠤ ᠬᠦᠷᠴᠦ᠂ 18.5%᠎ ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 36425 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.9% ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 27309 ᠲᠥᠭᠦᠷᠢᠭ ᠲᠤ ᠬᠦᠷᠴᠦ᠂ 24.1%᠎ ᠪᠠᠷ ᠨᠡᠮᠡᠭᠳᠡᠪᠡ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠩᠭᠧᠯ ᠤᠨ ᠢᠯᠡᠳᠬᠡᠮᠵᠢ ᠲᠤᠭ᠎ᠠ 28.6% ᠪᠠᠶᠢᠵᠤ᠂ ᠲᠦᠷᠦᠭᠦᠸ ᠵᠢᠯ ᠤᠨ ᠬᠢ ᠠᠴᠠ 0.4 ᠵᠠᠭᠤᠨ ᠤ ᠨᠢᠭᠡᠴᠢ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠡᠩᠭᠧᠯ ᠤᠨ ᠢᠯᠡᠳᠬᠡᠮᠵᠢ ᠲᠤᠭ᠎ᠠ 29.3% ᠪᠠᠶᠢᠵᠤ᠂ ᠳᠡᠭᠡᠷ᠎ᠡ ᠵᠢᠯ ᠤᠨ ᠬᠢ ᠠᠴᠠ 0.6 ᠵᠠᠭᠤᠨ ᠤ ᠨᠢᠭᠡᠴᠢ ᠪᠠᠭᠤᠷᠠᠪᠠ᠃      ᠵᠢᠯ ᠤᠨ ᠡᠴᠦᠰ ᠬᠦᠷᠲᠡᠯ᠎ᠡ ᠪᠥᠬᠦ ᠬᠤᠲᠠ ᠳᠤ ᠬᠤᠲᠠ ᠪᠠᠯᠭᠠᠰᠤᠨ ᠤ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ 63 ᠪᠣᠶ᠃ ᠵᠢᠯ ᠤᠨ ᠳᠣᠲᠣᠷ᠎ᠠ ᠤᠯᠤᠰ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠡᠳᠬᠦᠮᠵᠢ ᠶᠢ ᠨᠡᠶᠢᠲᠡ 1684 ᠡᠷᠦᠬᠡ  2504 ᠬᠥᠮᠥᠨ ᠳᠤ ᠬᠦᠷᠲᠡᠭᠡᠪᠡ᠃      ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 5.49 ᠲᠦᠮᠡ ᠳᠤ ᠬᠦᠷᠴᠦ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠣᠯᠭᠤᠮᠵᠢ ᠭᠥᠷᠳᠡᠭᠰᠡᠨ ᠬᠥᠮᠥᠨ ᠤ ᠲᠤᠭ᠎ᠠ 1.9 ᠲᠦᠮᠡ ᠳᠤ ᠬᠦᠷᠴᠦ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠨᠡᠶᠢᠭᠡᠮᠴᠢᠯᠡᠨ ᠣᠯᠭᠤᠬᠤ ᠬᠠᠷᠢᠴᠠᠯ 100%᠎ ᠳᠤ ᠬᠥᠷᠪᠡ᠃ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 2.28 ᠲᠦᠮᠡ ᠳᠤ ᠬᠦᠷᠴᠦ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ 1628.59 ᠲᠦᠮᠡᠨ ᠲᠥᠭᠦᠷᠢᠭ ᠲᠠᠷᠬᠠᠭᠠᠪᠠ᠃      ᠶᠢᠰᠦ᠂ ᠰᠣᠶᠣᠯ ᠪᠠ ᠡᠷᠡᠭᠦᠯ ᠬᠠᠮᠠᠭᠠᠯᠠᠯ      ᠵᠢᠯ ᠤᠨ ᠡᠴᠦᠰ ᠲᠤ ᠪᠥᠬᠦ ᠬᠤᠲᠠ ᠳᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠲᠥᠪ ︵ᠰᠣᠶᠣᠯ ᠤᠨ ᠣᠷᠳᠣᠨ︶ 1  ᠪᠠᠶᠢᠵᠤ᠂ ᠣᠯᠠᠨ ᠨᠡᠶᠢᠲᠡ ᠶᠢᠨ ᠨᠣᠮ ᠤᠨ ᠰᠠᠩ 1᠂ ᠳᠤᠷᠠᠰᠬᠠᠯ ᠤᠨ ᠣᠷᠳᠣᠨ 1 ᠪᠣᠶ᠃      ᠵᠢᠯ ᠤᠨ ᠡᠴᠦᠰ ᠲᠤ ᠪᠥᠬᠦ ᠬᠤᠲᠠ ᠳᠤ ᠨᠡᠶᠢᠲᠡ 26 ᠠᠯᠪᠠᠨ ᠠᠴᠠ ᠪᠠᠶᠢᠭᠤᠯᠤᠭᠰᠠᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠣᠶ᠂ ᠡᠭᠦᠨ ᠳᠤ ᠡᠮᠨᠡᠯᠭᠡ ᠶᠢᠨ ᠬᠤᠷᠢᠶ᠎ᠠ 4᠂ ᠮᠠᠯᠵᠢᠬᠤ ᠲᠠᠷᠢᠶᠠᠯᠠᠬᠤ ᠣᠷᠣᠨ ᠤ ᠡᠷᠡᠭᠦᠯ ᠬᠠᠮᠠᠭᠠᠯᠠᠯ ᠤᠨ ᠬᠤᠷᠢᠶ᠎ᠠ 11᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ 7᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ 2 ︵ᠠᠶᠢᠮᠠᠭ᠂ ᠬᠤᠲᠠ ᠲᠣᠰᠪᠣᠷᠢ 1︶᠂ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ 2 ︵ᠠᠶᠢᠮᠠᠭ᠂ ᠬᠤᠲᠠ ᠲᠣᠰᠪᠣᠷᠢ 1︶ ᠪᠣᠶ᠃ ᠵᠢᠯ ᠤᠨ ᠡᠴᠦᠰ ᠲᠤ ᠪᠥᠬᠦ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠡ ᠳᠤ 3038 ᠡᠪᠡᠳᠴᠢᠲᠡᠨ ᠤ ᠣᠷᠣ ᠲᠠᠢ ᠪᠣᠯᠵᠤ᠂ ᠲᠦᠷᠦᠭᠦᠸ ᠵᠢᠯ ᠤᠨ ᠬᠢ ᠠᠴᠠ 523 ᠨᠡᠮᠡᠭᠳᠡᠵᠡᠢ᠃ ᠪᠥᠬᠦ ᠬᠤᠲᠠ ᠳᠤ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ 4874 ᠬᠥᠮᠥᠨ ᠪᠠᠶᠢᠵᠤ᠂ ᠲᠦᠷᠦᠭᠦᠸ ᠵᠢᠯ ᠤᠨ ᠬᠢ ᠠᠴᠠ 258 ᠬᠥᠮᠥᠨ ᠨᠡᠮᠡᠭᠳᠡᠵᠡᠢ᠂ ᠡᠭᠦᠨ ᠳᠤ ᠲᠤᠰᠬᠠᠢ ᠮᠡᠷᠭᠡᠵᠢᠯ ᠤᠨ ᠡᠮᠴᠢ 1813 ᠬᠥᠮᠥᠨ᠂ ᠲᠤᠰᠠᠯᠠᠬᠤ ᠡᠮᠴᠢ 89 ᠬᠥᠮᠥᠨ᠂ ᠳᠠᠩᠰᠠᠯᠠᠭᠤᠯᠤᠭᠰᠠᠨ ᠰᠤᠪᠢᠯᠠᠭᠴᠢ 2972 ᠬᠥᠮᠥᠨ ᠪᠣᠶ᠃ ᠮᠠᠯᠵᠢᠬᠤ ᠲᠠᠷᠢᠶᠠᠯᠠᠬᠤ ᠣᠷᠣᠨ ᠳᠤ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ 37᠂ ᠬᠥᠳᠡᠭᠡ ᠲᠣᠰᠬᠤᠨ ᠤ ᠡᠮᠴᠢ ᠪᠠ ᠡᠷᠡᠭᠦᠯ ᠬᠠᠮᠠᠭᠠᠯᠠᠭᠴᠢ ᠲᠠᠢ᠃      ᠠᠷᠪᠠ᠂ ᠡᠬᠢ ᠪᠠᠶᠠᠯᠢᠭ ᠪᠠ ᠣᠷᠴᠢᠨ ᠠᠬᠤᠢ      ᠪᠦᠬᠦ ᠵᠢᠯ ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ 75539 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ  ᠲᠦᠷᠦᠭᠦᠦ ᠵᠢᠯ ᠤᠨ ᠬᠢ ᠠᠴᠠ 5.38%᠎ ᠪᠠᠷ ᠨᠡᠮᠡᠭᠳᠡᠵᠡᠢ᠃ ᠡᠭᠦᠨ ᠳᠤ᠂ ᠠᠮᠢᠳᠤᠷᠠᠯ ᠳᠤ ᠬᠡᠷᠡᠭᠯᠡᠬᠦ ᠤᠰᠤᠨ ᠤ ᠬᠡᠮᠵᠢᠶ᠎ᠡ 12.78%᠎ ᠪᠠᠷ ᠨᠡᠮᠡᠭᠳᠡᠵᠦ᠂ ᠠᠵᠤ ᠦᠢᠯᠡᠳᠪᠦᠷᠢ ᠳᠤ ᠬᠡᠷᠡᠭᠯᠡᠬᠦ ᠤᠰᠤᠨ ᠤ ᠬᠡᠮᠵᠢᠶ᠎ᠡ 3.3%᠎ ᠪᠠᠷ ᠪᠠᠭᠤᠷᠠᠵᠤ᠂ ᠲᠠᠷᠢᠶᠠᠯᠠᠩ ᠳᠤ ᠬᠡᠷᠡᠭᠯᠡᠬᠦ ᠤᠰᠤᠨ ᠤ ᠬᠡᠮᠵᠢᠶ᠎ᠡ 5.31%᠎ ᠪᠠᠷ ᠨᠡᠮᠡᠭᠳᠡᠵᠦ᠂ ᠠᠮᠢ ᠠᠬᠤᠢ ᠳᠤ ᠬᠡᠷᠡᠭᠯᠡᠬᠦ ᠤᠰᠤᠨ ᠤ ᠬᠡᠮᠵᠢᠶ᠎ᠡ 9.48%᠎ ᠪᠠᠷ ᠪᠠᠭᠠᠰᠪᠠ᠃      ᠪᠥᠬᠦ ᠬᠤᠲᠠ ᠶᠢᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 93.4% ᠪᠠᠶᠢᠵᠤ᠂ ᠲᠦᠷᠦᠭᠦᠸ ᠵᠢᠯ ᠤᠨ ᠬᠢ ᠠᠴᠠ 5.8%᠎ ᠪᠠᠷ ᠪᠠᠭᠤᠷᠠᠪᠠ᠃ ᠵᠢᠵᠢᠭ ᠮᠥᠬᠦᠯᠢᠭᠲᠦ ᠪᠣᠳᠠᠰ ︵PM2.5︶᠎ ᠤᠨ ᠳᠤᠮᠳᠠᠴᠢ ᠥᠳᠬᠡᠴᠡ ᠨᠢ ᠲᠡᠭᠰᠢ ᠳᠥᠷᠪᠡᠯᠵᠢᠨ ᠮᠧᠲᠷ ᠪᠦᠷᠢ ᠳᠡᠭᠡᠨ 9 ᠮᠢᠺᠷᠥᠭᠷᠠᠮ ᠪᠠᠶᠢᠵᠤ᠂ ᠲᠦᠷᠦᠭᠦᠸ ᠵᠢᠯ ᠤᠨ ᠬᠢ ᠠᠴᠠ 28.6%᠎ ᠪᠠᠷ ᠳᠡᠭᠡᠭᠰᠢᠯᠡᠵᠡᠢ᠃      ᠲᠠᠶᠢᠯᠪᠤᠷᠢ᠄      1. ᠲᠣᠰ ᠠᠯᠪᠠᠨ ᠮᠡᠳᠡᠭᠡ ᠶᠢᠨ ᠲᠤᠭ᠎ᠠ ᠪᠠᠷᠢᠮᠲᠠ ᠨᠢ ᠠᠩᠬ᠎ᠠ ᠠᠯᠬᠤᠮ ᠤᠨ ᠪᠦᠷᠢᠳᠬᠡᠭᠰᠡᠨ ᠲᠤᠭ᠎ᠠ ᠪᠣᠯᠣᠨ᠎ᠠ᠂ ᠬᠠᠮᠤᠭ ᠡᠴᠦᠰ ᠤᠨ ᠬᠢᠨᠠᠨ ᠬᠠᠷᠭᠤᠭᠤᠯᠤᠭᠰᠠᠨ ᠲᠤᠭ᠎ᠠ ᠪᠠᠷᠢᠮᠲᠠ ᠨᠢ ᠪᠦᠷᠢᠳᠬᠡᠯ ᠤᠨ ᠣᠨ ᠤ ᠦᠢᠯᠡᠪᠦᠷᠢ ᠪᠠᠷ ᠪᠠᠷᠢᠮᠵᠢᠶ᠎ᠠ ᠪᠣᠯᠭᠠᠨ᠎ᠠ᠃      2. ᠠᠯᠪᠠᠨ ᠮᠡᠳᠡᠭᠡᠨ ᠳᠠᠬᠢ ᠦᠢᠯᠡᠳᠪᠦᠷᠢᠯᠡᠯ ᠤᠨ ᠶᠡᠷᠦᠩᠬᠡᠢ ᠥᠷᠲᠡᠭ᠂ ᠡᠯ᠎ᠡ ᠠᠵᠤ ᠦᠢᠯᠡᠰ ᠪᠠ ᠡᠯ᠎ᠡ ᠠᠵᠢᠯ ᠲᠥᠷᠥᠯ ᠤᠨ ᠨᠡᠮᠡᠭᠳᠡᠯ ᠥᠷᠲᠡᠭ ᠤᠨ ᠬᠠᠷᠢᠴᠠᠯᠠᠰᠢᠭᠦᠢ ᠲᠤᠭ᠎ᠠ ᠶᠢ ᠴᠥᠮ ᠣᠳᠣ ᠶᠢᠨ ᠬᠡᠷᠡᠭᠵᠢᠭᠦᠯᠵᠦ ᠪᠠᠶᠢᠭ᠎ᠠ ᠦᠨ᠎ᠡ ᠪᠠᠷ ᠪᠤᠳᠤᠵᠤ᠂ ᠨᠡᠮᠡᠭᠳᠡᠯ ᠤᠨ ᠬᠤᠷᠳᠤᠴᠠ  ᠶᠢ ᠬᠠᠷᠢᠴᠠᠭᠤᠯᠵᠤ ᠪᠣᠯᠬᠤ ᠦᠨ᠎ᠡ ᠪᠠᠷ ᠪᠤᠳᠤᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号