ᠰᠢᠯᠢ ᠶᠢᠨ ᠬᠤᠳᠠ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠪᠤᠯᠪᠡᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/10
     3 ᠰᠠᠷ᠎ᠠ ᠶᠢᠨ 20 ᠎ ᠤ ᠡᠳᠦᠷ᠂  ᠰᠢᠯᠢ ᠶᠢᠨ ᠬᠤᠳᠠ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾  ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠪᠣᠯᠪᠠᠰᠤᠷᠠᠯ ᠤᠨ ᠬᠤᠷᠠᠯ  ᠎ ᠢ ᠵᠣᠬᠢᠶᠠᠨ ᠪᠠᠶᠢᠭᠤᠯᠤᠨ  ᠬᠤᠷᠠᠯᠳᠤᠭᠤᠯᠤᠭᠰᠠᠨ ᠪᠠᠶᠢᠨ᠎ᠠ᠃      ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ  ᠪᠠᠭᠰᠢ  ᠲᠤᠰᠬᠠᠢ ᠰᠡᠳᠦᠪᠲᠦ ᠣᠨᠣᠯ ᠤᠨ  ᠬᠢᠴᠢᠶᠠᠯ ᠤᠷᠤᠵᠤ᠂ ᠨᠠᠷᠠᠨᠪᠤᠯᠠᠭ ᠭᠠᠴᠠᠭ᠎ᠠ ᠶᠢᠨ ᠨᠠᠮ ᠤᠨ ᠡᠭᠦᠷ ᠤᠨ ᠱᠦᠵᠢ ᠰᠡᠴᠡᠨᠪᠠᠭᠠᠲᠤᠷ ᠪᠣᠯᠣᠨ ᠳᠡᠵᠢ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠤᠸᠠᠨ ᠬᠤᠤ  ᠲᠤᠰᠪᠤᠷᠢ ᠠᠶᠢᠮᠠᠭ᠂ ᠬᠤᠲᠠ ᠶᠢᠨ ᠬᠤᠶᠠᠷ ᠱᠠᠲᠤᠨ ᠤ ︽ᠱᠦᠵᠢ ᠠᠴᠠ ᠱᠦᠵᠢ ᠳᠤ ᠲᠠᠶᠢᠯᠪᠤᠷᠢᠯᠠᠨ ᠥᠭᠴᠦ ᠰᠣᠨᠣᠰᠬᠠᠬᠤ︾ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠤ ᠬᠤᠪᠢ ᠪᠠᠷ᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾᠎ ᠤᠨ ᠭᠤᠣᠯ ᠰᠡᠳᠦᠪ ᠢ ᠲᠣᠳᠣᠷᠬᠠᠢ ᠶᠠᠷᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠳᠦᠷᠰᠦ ᠪᠠᠶᠢᠳᠠᠯ᠂ ᠠᠷᠠᠳ ᠲᠦᠮᠡᠨ ᠳᠤ ᠦᠢᠯᠡᠴᠢᠯᠡᠵᠦ ᠪᠣᠳᠠᠲᠠᠢ ᠶᠠᠪᠤᠳᠠᠯ ᠬᠢᠬᠦ ᠵᠡᠷᠭᠡ ᠳᠡᠷᠭᠡᠳᠡᠬᠢ ᠶᠠᠪᠤᠳᠠᠯ ᠲᠠᠢ ᠤᠶᠠᠯᠳᠤᠭᠤᠯᠵᠤ᠂  ᠨᠠᠮ ᠤᠨ ᠰᠠᠶᠢᠨ ᠲᠦᠷᠦ ᠶᠢᠨ ᠪᠣᠳᠣᠯᠭ᠎ᠠ ᠶᠢ  ᠲᠠᠶᠢᠯᠪᠤᠷᠢᠯᠠᠨ ᠶᠠᠷᠢᠵᠤ᠂ ᠥᠷᠭᠡᠨ ᠤᠯᠠᠨ ᠨᠠᠮ ᠤᠨ ᠭᠡᠰᠢᠭᠦᠨ ᠤᠯᠠᠨ ᠲᠦᠮᠡᠨ ᠢ ᠬᠥᠲᠥᠯᠥᠨ ᠵᠢᠯᠤᠭᠤᠳᠴᠤ ᠢᠮᠠᠭᠲᠠ ᠨᠠᠮ ᠤᠨ ᠠᠴᠢ ᠶᠢ ᠴᠡᠭᠡᠵᠢᠯᠠᠨ᠂ ᠡᠭᠦᠷᠢᠳᠡ ᠨᠠᠮ ᠢ ᠳᠠᠭᠠᠬᠤ ᠶᠢ ᠤᠷᠢᠶᠠᠯᠠᠭᠰᠠᠨ ᠪᠠᠶᠢᠨ᠎ᠠ᠃      ᠲᠤᠰ ᠤᠳᠠᠭ᠎ᠠ ᠶᠢᠨ  ᠪᠤᠯᠪᠡᠰᠤᠷᠠᠯ ᠤᠨ ᠬᠤᠷᠠᠯ ᠶᠢ  ᠰᠦᠯᠵᠢᠶ᠎ᠠ ᠪᠠᠷ ᠨᠡᠪᠳᠡᠷᠡᠬᠦᠯᠬᠦ ᠪᠠ ᠠᠬᠤᠢ ᠲᠠᠯᠡᠪᠡᠢ ᠎ ᠳᠤ ᠵᠡᠷᠭᠡᠪᠡᠷ ᠥᠷᠨᠢᠭᠦᠯᠬᠦ ᠬᠡᠯᠪᠡᠷᠢ ᠪᠠᠷ ᠤᠬᠠᠭᠤᠯᠤᠨ ᠲᠠᠶᠢᠯᠪᠤᠷᠢᠯᠠᠵᠤ᠂ ᠪᠦᠬᠦ ᠬᠤᠳᠠ ᠶᠢᠨ ᠡᠯ᠎ᠡ ᠭᠠᠴᠠᠭ᠎ᠠ᠂ ᠨᠡᠶᠢᠭᠡᠮ ᠲᠣᠭᠤᠷᠢᠭ᠂ ᠬᠤᠪᠢᠶᠠᠷᠢ ᠲᠠᠯᠠᠪᠠᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠡᠯ᠎ᠡ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠪᠣᠯᠣᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯ ᠤᠨ ᠠᠵᠢᠯᠲᠠᠨ ᠨᠡᠶᠢᠳᠡ 200 ᠭᠠᠷᠤᠢ ᠬᠥᠮᠥᠨ ᠠᠬᠤᠢ ᠲᠡᠯᠡᠪᠡᠢ ᠳᠤ ᠣᠷᠣᠯᠴᠠᠵᠤ᠂ 4.65 ᠲᠦᠮᠡᠨ ᠨᠠᠮ ᠤᠨ ᠭᠡᠰᠢᠭᠦᠨ ᠤᠯᠠᠨ ᠲᠦᠮᠡᠨ  ᠰᠢᠭᠤᠤᠳ ᠨᠡᠪᠳᠡᠷᠬᠦᠯᠭᠡ ᠶᠢ ᠬᠦᠯᠢᠶᠠᠨ ᠠᠪᠴᠤ  ᠦᠵᠡᠭᠰᠠᠨ ᠪᠠᠶᠢᠨ᠎ᠠ  ᠃      ᠲᠣᠭᠤᠷ ᠣᠷᠴᠢᠭᠤᠯᠣᠨ ᠨᠠᠶᠢᠷᠠᠭᠤᠯᠪᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号