ᠰᠢᠨᠵᠢᠯᠡᠬᠦ ᠤᠬᠠᠭᠠᠨ ᠮᠡᠷᠭᠡᠵᠢᠯ ᠢᠶᠠᠷ ᠰᠢᠯᠢᠳᠡᠭ ᠦᠷ᠎ᠠ ᠶᠢᠨ ᠲᠥᠮᠥᠰᠥ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2024/4/10
     ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠎ ᠶᠢᠨ ᠨᠢᠭᠡ ᠪᠣᠯᠣᠨ᠎ᠠ᠃ ᠣᠶᠢᠷ᠎ᠠ ᠶᠢᠨ ᠵᠢᠯ ᠳᠤ᠂ ᠰᠢᠯᠢᠩᠬᠤᠲᠠ ᠲᠠᠷᠢᠶᠠᠯᠠᠩ ᠮᠠᠯ ᠠᠵᠤ ᠠᠬᠤᠢ ᠶᠢᠨ ᠲᠣᠯᠣᠭᠠᠶᠢᠯᠠᠭᠴᠢ ᠠᠵᠤ ᠠᠬᠤᠶᠢᠯᠠᠯ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠠᠰᠢᠭᠯᠠᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ ᠪᠠᠷ ᠳᠠᠮᠵᠢᠭᠤᠯᠤᠨ ᠂ ᠴᠢᠨᠠᠷ ᠰᠠᠶᠢᠲᠠᠢ ᠲᠥᠮᠥᠰᠥ ᠶᠢᠨ ᠦᠷ᠎ᠡ ᠲᠥᠮᠥᠰᠥ ᠶᠢᠨ ᠨᠠᠷᠠᠲᠤ ᠲᠥᠷᠥᠯ ᠲᠡᠮᠳᠡᠭᠲᠦ ᠶᠢ ᠴᠢᠷᠮᠠᠶᠢᠨ ᠪᠣᠶ ᠪᠣᠯᠭᠠᠵᠤ ᠂ ᠲᠥᠮᠥᠰᠥ ᠶᠢᠨ ᠠᠵᠤ ᠦᠢᠯᠡᠰ ᠤᠨ ᠦᠷᠭᠦᠯᠵᠢᠯᠡᠨ ᠬᠥᠭᠵᠢᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠲᠥᠮᠥᠰᠥ ᠶᠢᠨ ᠦᠷ᠎ᠡ ᠲᠥᠮᠥᠰᠥ ᠶᠢᠨ ᠶᠠᠰᠤ ᠴᠢᠨᠠᠷ ᠪᠠ ᠤᠨᠠᠯᠲᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠡᠭᠦᠨ ᠢ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ︽ᠲᠥᠮᠥᠰᠥ︾᠎ ᠶᠢᠨ ᠬᠡᠷᠡᠯ ᠤᠨ ᠠᠵᠤ ᠦᠢᠯᠡᠰ ᠪᠣᠯᠭᠠᠵᠤ᠂ ᠰᠢᠯᠢᠩᠬᠤᠲᠠ ᠶᠢᠨ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ︽ᠲᠦᠷᠭᠡᠨ ᠵᠠᠮ︾᠎ ᠳᠤ ᠣᠷᠣᠬᠤ ᠶᠢ ᠠᠬᠢᠭᠤᠯᠤᠨ᠎ᠠ᠃      ᠥᠪᠥᠷ ᠮᠣᠩᠭᠤᠯ ᠤᠨ ᠾᠦᠩ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠲᠥᠮᠥᠰᠥ ᠰᠤᠳᠤᠯᠤᠨ ᠨᠡᠭᠡᠭᠡᠬᠦ ᠲᠥᠪ ᠤᠨ ᠲᠥᠮᠥᠰᠥ ᠳᠠᠷᠢᠬᠤ ᠲᠠᠰᠤᠭ ᠲᠤ᠂ ᠮᠡᠷᠭᠡᠵᠢᠯ ᠤᠨ ᠠᠵᠢᠯᠲᠠᠳ ᠣᠳᠣ ᠶᠠᠭ ᠬᠤᠣᠷ ᠦᠭᠡᠶᠢᠳᠡᠭᠦᠯᠦᠭᠰᠡᠨ ᠨᠢᠭᠡ ᠯᠣᠩᠬᠤ ᠰᠠᠶᠢᠨ ᠲᠥᠮᠥᠰᠥ ᠶᠢᠨ ᠰᠠᠭᠤᠷᠢ ᠴᠢᠬᠢ ᠶᠢᠨ ᠡᠰᠢ ᠶᠢᠨ ᠦᠵᠦᠭᠦᠷ ᠢ ᠰᠠᠯᠭᠠᠬᠤ ᠠᠵᠢᠯ ᠢ ᠬᠢᠵᠦ ᠪᠠᠶᠢᠭ᠎ᠠ ᠪᠥᠭᠡᠳ ᠪᠠᠺᠲ᠋ᠧᠷᠢ ᠦᠭᠡᠢ ᠨᠥᠬᠦᠴᠡᠯ ᠤᠨ ᠳᠣᠣᠷ᠎ᠠ ᠭᠠᠭᠴᠠ ᠨᠠᠬᠢᠶ᠎ᠠ ᠲᠠᠢ ᠡᠰᠢ ᠶᠢᠨ ᠬᠡᠰᠡᠭ ᠢ ᠰᠢᠨ᠎ᠡ ᠬᠥᠮᠥᠵᠢᠭᠦᠯᠦᠭᠴᠢ ᠳᠡᠭᠡᠷ᠎ᠡ ᠰᠢᠯᠵᠢᠭᠦᠯᠦᠨ ᠠᠪᠴᠢᠷᠠᠵᠤ ᠪᠠᠶᠢᠨ᠎ᠠ᠂ ᠳᠠᠷᠠᠭ᠎ᠠ ᠨᠢ ᠰᠢᠯᠵᠢᠭᠦᠯᠦᠨ ᠵᠠᠯᠭᠠᠵᠤ ᠠᠪᠤᠭᠰᠠᠨ ᠰᠢᠨ᠎ᠡ ᠴᠢᠬᠢ ᠶᠢ ᠪᠣᠶᠢᠵᠢᠭᠤᠯᠬᠤ ᠲᠠᠰᠤᠭ ᠲᠤ ᠬᠦᠷᠭᠡᠵᠦ ᠦᠶ᠎ᠡ ᠵᠠᠯᠭᠠᠮᠵᠢᠯᠠᠨ ᠪᠣᠶᠢᠵᠢᠭᠤᠯᠳᠠᠭ ᠪᠠᠶᠢᠨ᠎ᠠ᠃ ᠢ ᠮᠡᠷᠭᠡᠵᠢᠯ ᠤᠨ ᠠᠵᠢᠯᠲᠠᠳ ᠣᠳᠣ ᠶᠠᠭ ᠰᠠᠶᠢᠬᠠᠨ ᠬᠤᠣᠷ ᠦᠭᠡᠶᠢᠳᠡᠭᠦᠯᠦᠭᠰᠡᠨ ᠨᠢᠭᠡ ᠯᠣᠩᠬᠤ ᠰᠠᠶᠢᠨ ᠲᠥᠮᠥᠰᠥ ᠎ ᠶᠢᠨ ᠰᠠᠭᠤᠷᠢ ᠴᠢᠬᠢ ᠶᠢᠨ ᠡᠰᠢ ᠶᠢᠨ ᠦᠵᠦᠭᠦᠷ ᠢ ᠰᠠᠯᠭᠠᠬᠤ ᠠᠵᠢᠯ ᠢ ᠬᠢᠵᠦ ᠪᠠᠶᠢᠨ᠎ᠠ᠃ ᠬᠠᠪᠤᠷ ᠤᠨ ᠤᠯᠠᠷᠢᠯ ᠤᠨ ᠠᠭᠠᠷ ᠤᠨ ᠳᠤᠯᠠᠭᠠᠨ ᠳᠡᠭᠡᠭᠰᠢᠯᠡᠭᠰᠡᠨ ᠤ ᠳᠠᠷᠠᠭ᠎ᠠ᠂ ᠡᠲᠡᠭᠡᠷ ᠲᠣᠭᠲᠠᠮᠠᠯ ᠳᠤᠯᠠᠭᠠᠨ᠂ ᠲᠣᠭᠲᠠᠮᠠᠯ ᠴᠢᠭᠢᠭᠯᠢᠭ ᠣᠷᠴᠢᠨ ᠳᠤ 21 ᠡᠳᠦᠷ ᠪᠣᠶᠢᠵᠢᠭᠤᠯᠤᠭᠰᠠᠨ ᠴᠢᠬᠢ ᠮᠣᠳᠣ ᠶᠢ ᠲᠣᠣᠷ ᠤᠨ ᠰᠠᠷᠠᠪᠴᠢᠨ ᠳᠤ ᠰᠢᠯᠵᠢᠭᠦᠯᠦᠨ ᠰᠠᠭᠤᠯᠭᠠᠵᠤ᠂ ᠬᠤᠣᠷ ᠦᠭᠡᠶᠢᠳᠡᠭᠦᠯᠦᠭᠰᠡᠨ ᠰᠠᠶᠢᠨ ᠰᠠᠶᠢᠬᠠᠨ ᠲᠥᠮᠥᠰᠥ ᠶᠢᠨ ᠤᠤᠯ ᠡᠭᠦᠯᠳᠡᠷ ᠢ ᠪᠣᠶᠢᠵᠢᠭᠤᠯᠤᠨ ᠭᠠᠷᠭᠠᠵᠤ᠂ ᠲᠥᠮᠥᠰᠥ ᠶᠢᠨ ᠦᠷ᠎ᠡ ᠶᠢᠨ ᠰᠠᠭᠤᠷᠢᠨ ᠭᠠᠵᠠᠷ ᠲᠤ ᠬᠦᠷᠭᠡᠵᠦ ᠳᠠᠷᠢᠨ᠎ᠠ᠃      ᠠᠳᠠᠯᠢ ᠬᠤᠭᠤᠴᠠᠭᠠᠨ ᠤ ᠥᠪᠥᠷ ᠮᠣᠩᠭᠤᠯ ᠤᠨ ᠬᠤᠩ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠲᠥᠮᠥᠰᠥ ᠰᠤᠳᠤᠯᠤᠨ ᠨᠡᠭᠡᠭᠡᠬᠦ ᠲᠥᠪ ᠤᠨ ᠳᠡᠳ᠋ ᠡᠷᠬᠢᠯᠡᠭᠴᠢ ᠸᠠᠩ ᠮᠢᠩ ᠯᠢ᠄ ᠬᠤᠩ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠲᠥᠮᠥᠰᠥ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠨᠢ ᠺᠣᠮᠫᠠᠨᠢ ᠶᠢᠨ ᠦᠷᠡ ᠶᠢᠨ ᠲᠥᠮᠥᠰᠥ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠺᠣᠮᠫᠠᠨᠢ ᠶᠢᠨ ᠲᠥᠮᠥᠰᠥ ᠶᠢᠨ ᠠᠵᠤ ᠦᠢᠯᠡᠰ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠨᠢᠭᠡ ᠳᠤ ᠡᠷᠯᠢᠰᠡᠵᠢᠭᠦᠯᠦᠨ ᠪᠣᠶᠢᠵᠢᠭᠤᠯᠬᠤ ᠪᠠᠷ ᠳᠠᠮᠵᠢᠭᠤᠯᠤᠨ᠂ ᠲᠤᠬᠠᠢ ᠶᠢᠨ ᠭᠠᠵᠠᠷ ᠤᠨ ᠠᠭᠤᠷ ᠠᠮᠢᠰᠬᠤᠯ ᠤᠨ ᠣᠨᠴᠠᠯᠢᠭ ᠲᠤ ᠲᠣᠬᠢᠷᠠᠬᠤ ᠴᠢᠨᠠᠷ ᠰᠠᠶᠢᠲᠠᠢ ᠡᠭᠦᠯᠳᠡᠷ ᠢ ᠢᠳᠡᠪᠬᠢᠲᠡᠢ ᠪᠠᠷ ᠰᠣᠩᠭᠤᠨ ᠪᠣᠶᠢᠵᠢᠭᠤᠯᠵᠤ᠂ ᠲᠥᠮᠥᠰᠥ ᠶᠢᠨ ᠭᠠᠷᠤᠯᠲᠠ ᠪᠠ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠤᠶᠠᠷ ᠲᠤ ᠬᠤᠣᠷ ᠢ ᠨᠢ ᠠᠷᠢᠯᠭᠠᠭᠰᠠᠨ ᠰᠢᠯᠢᠳᠡᠭ ᠰᠠᠶᠢᠨ ᠦᠷ᠎ᠡ ᠶᠢᠨ ᠲᠥᠮᠥᠰᠥ ᠶᠢ ᠬᠠᠩᠭᠠᠬᠤ ᠪᠠᠷ ᠳᠠᠮᠵᠢᠭᠤᠯᠤᠨ᠂ ᠭᠠᠵᠠᠷ ᠣᠷᠣᠨ ᠤ ᠲᠠᠷᠢᠶᠠᠯᠠᠩ ᠤᠨ ᠲᠥᠮᠥᠰᠥ ᠶᠢᠨ ᠲᠣᠭᠲᠠᠭᠤᠨ ᠪᠥᠭᠡᠳ ᠥᠨᠳᠥᠷ ᠤᠨᠠᠯᠲᠠ ᠲᠠᠢ ᠪᠠᠶᠢᠬᠤ ᠳᠤ ᠢᠳᠡᠪᠬᠢᠲᠡᠢ ᠦᠢᠯᠡᠳᠦᠯ ᠦᠵᠡᠭᠦᠯᠦᠨ᠎ᠡ᠃      ᠥᠪᠥᠷ ᠮᠣᠩᠭᠤᠯ ᠤᠨ ᠬᠤᠩ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠲᠥᠮᠥᠰᠥ ᠶᠢ ᠰᠤᠳᠤᠯᠤᠨ ᠨᠡᠭᠡᠭᠡᠬᠦ ᠲᠥᠪ ᠤᠨ ᠎ ᠬᠢᠨ ᠲᠥᠮᠥᠰᠥ ᠶᠢᠨ ᠡᠰᠢ ᠶᠢᠨ ᠤᠷᠭᠤᠯᠲᠠ ᠶᠢᠨ ᠴᠡᠭ ᠲᠤ ᠸᠢᠷᠦ᠋ᠰ ᠦᠭᠡᠢ ᠪᠤᠶᠤ ᠸᠢᠷᠦ᠋ᠰ ᠤᠨ ᠠᠭᠤᠯᠤᠭᠳᠠᠴᠠ ᠲᠤᠶᠢᠯ ᠤᠨ ᠳᠣᠣᠷ᠎ᠠ ᠪᠠᠶᠢᠳᠠᠭ ᠣᠨᠴᠠᠯᠢᠭ ᠢ ᠦᠨᠳᠦᠰᠦᠯᠡᠵᠦ᠂ ᠣᠲᠣ ᠦᠶ᠎ᠡ ᠶᠢᠨ ᠠᠮᠢᠳᠤ ᠪᠣᠳᠠᠰ ᠤᠨ ᠡᠰ ᠤᠨ ᠢᠨᠵᠧᠨᠧᠷᠢᠩ ᠤᠨ ᠮᠡᠷᠭᠡᠵᠢᠯ ᠢ ᠬᠡᠷᠡᠭᠯᠡᠨ᠂ ᠴᠢᠬᠢ ᠪᠣᠶᠢᠵᠢᠭᠤᠯᠬᠤ ᠦᠢᠯᠡᠳᠪᠦᠷᠢ ᠶᠢᠨ ᠲᠠᠰᠤᠭ ᠤᠨ ᠦᠢᠯᠡᠳᠪᠦᠷᠢᠵᠢᠭᠦᠯᠦᠨ ᠦᠢᠯᠡᠳᠪᠦᠷᠢᠯᠡᠬᠦ ᠵᠠᠩᠭᠢᠯᠠᠭ᠎ᠠ ᠶᠢᠨ ᠮᠡᠷᠭᠡᠵᠢᠯ ᠢᠶᠠᠷ ᠳᠠᠮᠵᠢᠭᠤᠯᠤᠨ ᠬᠤᠣᠷ ᠢ ᠨᠢ ᠠᠷᠢᠯᠭᠠᠭᠰᠠᠨ ᠴᠢᠬᠢ ᠶᠢ ᠪᠣᠶᠢᠵᠢᠭᠤᠯᠤᠨ ᠭᠠᠷᠭᠠᠵᠤ᠂ ᠳᠠᠬᠢᠨ ᠬᠤᠣᠷ ᠢ ᠨᠢ ᠠᠷᠢᠯᠭᠠᠭᠰᠠᠨ ᠴᠢᠬᠢ ᠶᠢ ︽ᠨᠢᠭᠡ ᠳᠤ ᠥᠨᠳᠥᠷ ᠬᠤᠶᠠᠷ ᠲᠤ ᠰᠡᠷᠭᠡᠶᠢᠯᠡᠬᠦ ᠳᠤ ᠭᠤᠷᠪᠠ ᠶᠢ ᠴᠡᠪᠡᠷᠵᠢᠭᠦᠯᠦᠭᠰᠡᠨ︾ ᠬᠦᠯᠡᠮᠵᠢ ᠶᠢᠨ ᠨᠥᠬᠦᠴᠡᠯ ᠳᠣᠣᠷ᠎ᠠ ᠬᠤᠣᠷ ᠢ ᠨᠢ ᠠᠷᠢᠯᠭᠠᠭᠰᠠᠨ ᠲᠥᠮᠥᠰᠥ ᠶᠢᠨ ᠤᠤᠯ ᠡᠭᠦᠯᠳᠡᠷ ᠢ ᠪᠣᠶᠢᠵᠢᠭᠤᠯᠤᠨ ᠭᠠᠷᠭᠠᠵᠤ᠂ ᠬᠤᠣᠷ ᠢ ᠨᠢ ᠠᠷᠢᠯᠭᠠᠭᠰᠠᠨ ᠲᠥᠮᠥᠰᠥ ᠶᠢᠨ ᠶᠠᠰᠤ ᠴᠢᠨᠠᠷ ᠪᠠ ᠤᠨᠠᠯᠲᠠ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠎ᠡ᠃      ᠲᠤᠰ ᠲᠥᠪ ᠤᠨ ᠬᠢᠨ ᠰᠢᠯᠢᠩᠬᠤᠲᠠ ᠶᠢᠨ ᠮᠤᠤᠳᠧᠩ ᠮᠠᠯᠵᠢᠯ ᠤᠨ ᠲᠠᠯᠠᠪᠠᠢ ᠳᠤ 1000 ᠲᠦᠮᠡᠨ ᠵᠢᠵᠢᠭ ᠬᠡᠯᠪᠡᠷᠢ ᠶᠢᠨ ᠲᠥᠮᠥᠰᠥ ᠶᠢ ᠪᠣᠶᠢᠵᠢᠭᠤᠯᠤᠨ ᠪᠣᠶᠢᠵᠢᠭᠤᠯᠬᠤ ᠲᠦᠷᠦᠯ ᠵᠦᠢᠯ ᠢ ᠪᠠᠶᠢᠭᠤᠯᠵᠤ᠂ ᠣᠳᠣᠬᠠᠨ ᠳᠤ 4 ᠲᠦᠮᠡᠨ ᠲᠡᠭᠰᠢ ᠳᠥᠷᠪᠡᠯᠵᠢᠨ ᠮᠥ᠋ᠲᠷ ᠤᠨ ᠵᠢᠵᠢᠭ ᠬᠡᠯᠪᠡᠷᠢ ᠶᠢᠨ ᠲᠥᠮᠥᠰᠥ ᠦᠷᠡᠵᠢᠭᠦᠯᠦᠨ ᠪᠣᠶᠢᠵᠢᠭᠤᠯᠬᠤ ᠲᠣᠣᠷ ᠤᠨ ᠰᠠᠷᠠᠪᠴᠢ ᠲᠠᠢ ᠪᠣᠯᠵᠠᠢ᠃ 2023 ᠣᠨ ᠳᠤ᠂ ᠰᠤᠳᠤᠯᠤᠨ ᠨᠡᠭᠡᠭᠡᠬᠦ ᠲᠥᠪ ᠲᠤ ᠨᠡᠶᠢᠳᠡ 485 ᠲᠦᠮᠡᠨ ᠰᠠᠭᠤᠷᠢ ᠬᠤᠣᠷ ᠢ ᠨᠢ ᠠᠷᠢᠯᠭᠠᠭᠰᠠᠨ ᠴᠢᠬᠢ ᠶᠢ ᠰᠠᠭᠤᠷᠢᠰᠢᠭᠤᠯᠵᠤ᠂ ᠰᠠᠭᠤᠷᠢᠨ ᠭᠠᠵᠠᠷ ᠢ ᠪᠦᠬᠦ ᠲᠠᠯ᠎ᠠ ᠪᠠᠷ ᠪᠠᠶᠢᠭᠤᠯᠤᠭᠰᠠᠨ ᠤ ᠳᠠᠷᠠᠭ᠎ᠠ ᠵᠢᠯ ᠳᠤ 1000 ᠲᠦᠮᠡᠨ ᠪᠢᠴᠢᠯ ᠬᠡᠯᠪᠡᠷᠢ ᠶᠢᠨ ᠲᠥᠮᠥᠰᠥ ᠬᠤᠷᠢᠶᠠᠵᠤ ᠪᠣᠯᠣᠨ᠎ᠠ᠃ ᠣᠲᠣ ᠪᠣᠯᠲᠠᠯ᠎ᠠ᠂ ᠨᠢᠭᠡᠨᠲᠡ 1 ᠵᠦᠢᠯ ᠤᠨ ᠡᠭᠦᠳᠦᠯᠲᠡ ᠶᠢᠨ ᠲᠤᠰᠬᠠᠢ ᠠᠰᠢᠭ ᠪᠠ 4 ᠵᠦᠢᠯ ᠤᠨ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠢ ᠠᠰᠢᠭ ᠢ ᠭᠥᠷᠳᠡᠭᠰᠡᠨ ᠪᠥᠭᠡᠳ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠮᠥᠰᠥ ᠶᠢᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠲᠠᠢ ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠯᠴᠠᠬᠤ ᠬᠡᠯᠡᠯᠴᠡᠭᠡᠷ ᠲᠣᠭᠲᠠᠵᠤ᠂ ᠲᠥᠮᠥᠰᠥ ᠶᠢᠨ ᠬᠤᠣᠷ ᠦᠭᠡᠶᠢᠳᠡᠭᠦᠯᠦᠭᠰᠡᠨ ᠦᠷ᠎ᠡ ᠶᠢᠨ ᠲᠥᠮᠥᠰᠥ ᠶᠢᠨ ᠠᠵᠤ ᠦᠶᠢᠯᠡᠰᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠲᠥᠮᠥᠰᠥ ᠶᠢᠨ ᠦᠷ᠎ᠡ ᠶᠢᠨ ᠲᠥᠮᠥᠰᠥ ᠶᠢᠨ ᠶᠠᠰᠤ ᠴᠢᠨᠠᠷ ᠢ ᠡᠬᠢ ᠡᠭᠦᠰᠦᠯ ᠠᠴᠠ ᠨᠢ ᠦᠨᠡᠨ ᠬᠦ ᠪᠠᠲᠤᠯᠠᠭᠰᠠᠨ ᠪᠠᠶᠢᠨ᠎ᠠ᠃ 2023 ᠣᠨ ᠳᠤ᠂ ᠠᠵᠤ ᠠᠬᠤᠶᠢᠯᠠᠯ ᠬᠢᠭᠡᠳ ᠬᠤᠯᠠᠨᠳ᠋ ᠤᠨ ᠠᠢ ᠱᠢ ᠺᠧ ᠪᠦᠯᠦᠭᠯᠡᠯ ᠬᠠᠮᠲᠤᠷᠠᠨ ᠲᠠᠰ ᠳᠠᠪᠰᠢᠵᠤ ︽ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ︾᠎ ᠲᠤ ᠵᠢᠩᠬᠢᠨᠢ ᠪᠠᠷ ᠭᠠᠷ ᠤᠨ ᠥᠰᠥᠭ ᠵᠢᠷᠤᠵᠤ᠂ ᠰᠢᠯᠢᠩᠬᠤᠲᠠ ᠶᠢᠨ ᠲᠥᠮᠥᠰᠥ ᠶᠢᠨ ᠣᠯᠠᠨ ᠤᠯᠤᠰᠴᠢᠯᠠᠭᠰᠠᠨ ᠵᠠᠬ᠎ᠠ ᠳᠡᠯᠭᠡᠭᠦᠷ ᠤᠨ ᠠᠬᠢᠴᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠪᠠ᠃      ᠣᠶᠢᠷ᠎ᠠ ᠶᠢᠨ ᠵᠢᠯ ᠳᠤ᠂ ᠰᠢᠯᠢᠩᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ  ᠶᠢ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ  ᠶᠢ ᠬᠢᠵᠠᠭᠠᠷᠯᠠᠵᠤ ᠪᠠᠶᠢᠭ᠎ᠠ ᠲᠣᠪᠣᠶᠢᠮ᠎ᠠ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠶᠢ ᠠᠬᠢᠭᠤᠯᠬᠤ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ  ᠶᠢ ᠪᠠᠲᠤᠯᠠᠬᠤ ᠢᠯᠠᠩᠭᠤᠶ᠎ᠠ ᠥᠪᠥᠷ ᠮᠣᠩᠭᠤᠯ ᠤᠨ ᠾᠦᠩ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ︽ᠲᠥᠮᠥᠰᠥ ᠶᠢ ᠵᠣᠬᠢᠶᠠᠨ ᠪᠠᠶᠢᠭᠤᠯᠵᠤ ᠴᠢᠬᠢ ᠪᠣᠶᠢᠵᠢᠭᠤᠯᠬᠤ ᠦᠢᠯᠡᠳᠪᠦᠷᠢᠵᠢᠭᠦᠯᠦᠨ ᠦᠢᠯᠡᠳᠪᠦᠷᠢᠯᠡᠬᠦ ᠵᠢᠴᠢ ᠪᠢᠴᠢᠯ ᠬᠡᠯᠪᠡᠷᠢ ᠶᠢᠨ ᠲᠥᠮᠥᠰᠥ ᠰᠣᠩᠭᠤᠨ ᠪᠣᠶᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ︾ ᠠᠶᠢᠮᠠᠭ ᠤᠨ ᠳᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢᠨ ᠬᠠᠮᠲᠤ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ ᠲᠠᠨᠢᠯᠴᠠᠭᠤᠯᠵᠤ᠂ ᠲᠥᠮᠥᠰᠥᠨ ᠤ ᠠᠵᠤ ᠦᠢᠯᠡᠰ ᠤᠨ ᠬᠥᠭᠵᠢᠯᠲᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠲᠥᠮᠥᠰᠥᠨ ᠤ ᠠᠵᠤ ᠦᠢᠯᠡᠰ ᠤᠨ ᠦᠷ᠎ᠡ ᠶᠢᠨ ᠲᠥᠮᠥᠰᠥ ᠶᠢ ᠪᠣᠶᠢᠵᠢᠭᠤᠯᠬᠤ᠂ ᠲᠠᠸᠠᠷ ᠤᠨ ᠲᠥᠮᠥᠰᠥ ᠲᠠᠷᠢᠬᠤ᠂ ᠬᠥᠯᠳᠡᠭᠡᠭᠰᠡᠨ ᠲᠥᠮᠥᠰᠥ ᠶᠢᠨ ᠬᠡᠷᠴᠢᠮ ᠢ ᠡᠳ᠋ᠰᠢᠭᠦᠯᠬᠦ ᠪᠠ ᠬᠥᠮᠥᠷᠭᠡᠯᠡᠨ ᠬᠠᠳᠠᠭᠠᠯᠠᠬᠤ ᠲᠥᠮᠥᠰᠥ ᠶᠢᠨ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠡᠶᠡᠯᠡᠭᠦᠯᠵᠦ᠂ ᠲᠥᠮᠥᠰᠥᠨ ᠤ ᠠᠵᠤ ᠦᠢᠯᠡᠰ ᠤᠨ ᠲᠦᠷᠦᠯ ᠲᠡᠮᠳᠡᠭᠵᠢᠭᠦᠯᠬᠦ᠂ ᠵᠠᠬ᠎ᠠ ᠳᠡᠯᠭᠡᠭᠦᠷᠴᠢᠯᠡᠨ ᠬᠥᠭᠵᠢᠬᠦ ᠶᠢ ᠠᠬᠢᠭᠤᠯᠪᠠ᠃      ᠠᠳᠠᠯᠢ ᠬᠤᠭᠤᠴᠠᠭᠠᠨ ᠤ ᠰᠢᠯᠢ ᠶᠢᠨ ᠭᠤᠣᠯ ᠠᠶᠢᠮᠠᠭ ᠤᠨ ᠬᠤᠩ ᠶᠤᠸᠠᠨ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ ᠵᠧᠩ ᠵᠧᠨ ᠯᠦᠨ᠄ ᠪᠢᠳᠡ ᠰᠢᠯᠢ ᠶᠢᠨ ᠭᠤᠣᠯ ᠣᠷᠣᠨ ᠤ ᠨᠤᠲᠤᠭ ᠤᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠬᠤᠶᠢᠰᠢᠳᠠ ᠪᠠᠰᠠ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠶᠠᠰᠤ ᠴᠢᠨᠠᠷ ᠤᠨ ᠴᠢᠩᠭ᠎ᠠ ᠬᠠᠮᠢᠶᠠᠷᠤᠯᠲᠠ ᠪᠠ ᠰᠢᠨᠵᠢᠯᠡᠬᠦ ᠤᠬᠠᠭᠠᠨᠴᠢ ᠲᠠᠷᠢᠮᠠᠯ ᠤᠨ ᠮᠡᠷᠭᠡᠵᠢᠯ ᠳᠤ ᠲᠦᠰᠢᠭᠯᠡᠨ᠂ ᠦᠷ᠎ᠡ ᠶᠢᠨ ᠲᠥᠮᠥᠰᠥ ᠶᠢᠨ ᠥᠨᠳᠥᠷ ᠶᠠᠰᠤ ᠴᠢᠨᠠᠷ ᠪᠠ ᠥᠨᠳᠥᠷ ᠤᠨᠠᠯᠲᠠ ᠶᠢ ᠳᠡᠭᠡᠭᠰᠢᠯᠡᠭᠦᠯᠵᠦ᠂ ᠲᠥᠮᠥᠰᠥ ᠶᠢᠨ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠲᠦᠯᠬᠢᠨ ᠠᠬᠢᠭᠤᠯᠵᠤ᠂ ᠨᠡᠩ ᠶᠡᠭᠡ ᠥᠷᠢᠰᠦᠯᠳᠦᠬᠦ ᠬᠦᠴᠦᠨ ᠲᠠᠢ ᠲᠥᠮᠥᠰᠥ ᠶᠢᠨ ᠰᠢᠯᠢᠳᠡᠭ ᠰᠠᠶᠢᠨ ᠦᠷ᠎ᠡ ᠶᠢᠨ ᠲᠥᠮᠥᠰᠥ ᠶᠢᠨ ᠨᠡᠷᠡᠳᠤ ᠲᠡᠮᠳᠡᠭ ᠢ ᠴᠢᠷᠮᠠᠶᠢᠨ ᠡᠭᠦᠳᠴᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃      ᠲᠣᠭᠤᠷ ᠣᠷᠴᠢᠭᠤᠯᠣᠨ ᠨᠠᠶᠢᠷᠠᠭᠤᠯᠪᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号